ᠤᠯᠤᠰ ᠤᠨ ᠲᠤᠭ ᠢᠶᠠᠨ ᠮᠠᠨᠳᠤᠭᠤᠯᠤᠨ ᠠᠩᠬᠠᠨ ᠤ ᠬᠢᠴᠢᠶᠡᠯ ᠢᠶᠠᠨ ᠤᠷᠤᠯ᠎ᠠ
ᠨᠡᠶᠢᠲᠡᠯᠡᠭᠰᠡᠨ ᠴᠠᠭ᠄
2021/10/12
ᠡᠷᠳᠡᠨᠢᠴᠡᠴᠡᠭ ᠭᠤᠸ᠎ᠠ ᠨᠠᠷᠠᠨ᠎ᠠ ᠰᠡᠴᠡᠨ ᠬᠤᠶᠢᠳ ᠰᠡᠴᠡᠨ  ︽ᠥᠨᠤᠳᠤᠷ᠂ ᠪᠢᠳᠠ ᠤᠯᠤᠰ ᠤᠨ ᠲᠤᠭ ᠢᠶᠠᠨ ᠮᠠᠨᠳᠤᠭᠤᠯᠤᠨ ᠠᠩᠬᠠᠨ ᠤ ᠬᠢᠴᠢᠶᠡᠯ ᠢᠶᠠᠨ ᠤᠷᠤᠯ᠎ᠠ︾ ᠨᠠᠮᠤᠷ ᠤᠨ ᠪᠤᠷᠤᠭᠠᠨ ᠰᠢᠪᠡᠷᠡᠭᠰᠡᠨ ᠰᠠᠶᠢᠬᠠᠨ ᠡᠳᠤᠷ ᠢᠶᠠᠷ ᠨᠠᠶᠢᠷ ᠬᠥᠷ ᠪᠢᠯᠬᠠᠷᠠᠭᠰᠠᠨ ᠡᠬᠡ ᠰᠤᠷᠭᠠᠭᠤᠯᠢ ᠳᠠᠭᠠᠨ ᠪᠤᠴᠠᠵᠤ  ᠪᠢᠴᠢᠭ ᠤᠨ ᠰᠢᠷᠡᠭᠡ ᠡᠯᠢᠬᠡᠳᠡᠵᠤ ᠪᠢᠯᠢᠭ ᠤᠶᠤᠨ ᠢᠶᠠᠨ ᠬᠤᠷᠴᠠᠯᠠᠬᠤ ᠬᠡᠰᠡᠨ  ᠪᠢᠴᠢᠬᠠᠨ ᠨᠠᠶᠢᠵᠠ ᠨᠠᠷ ᠰᠢᠨ᠎ᠠ ᠰᠤᠷᠤᠯᠭ᠎ᠠ ᠶᠢᠨ ᠬᠤᠭᠤᠴᠠᠭ᠎ᠠ ᠪᠠᠨ ᠤᠭᠳᠤᠯ᠎ᠠ ᠁ ᠥᠨᠤᠳᠤᠷ ᠥᠳᠡ ᠶᠢᠨ ᠡᠮᠤᠨ᠎ᠡ  ᠂  ᠠᠯᠠᠱᠠ ᠮᠤᠩᠭᠤᠯ ᠦᠨᠳᠦᠰᠦᠳᠡᠨ ᠤ ᠪᠦᠷᠢᠨ ᠲᠤᠮᠳᠠᠳᠦ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠮᠤᠩᠭᠤᠯ ᠥᠨᠳᠤᠰᠤᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠪᠤᠯᠤᠨ ᠠᠯᠠᠱᠠ ᠵᠡᠭᠦᠨ ᠬᠤᠰᠢᠭᠤᠨ ᠤ ᠮᠤᠩᠭᠤᠯ ᠥᠨᠳᠤᠰᠤᠳᠡᠨ ᠤ ᠰᠤᠷᠭᠠᠭᠤᠯᠢ ᠶᠢᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠲᠠᠷᠠᠭᠠᠬᠢ ᠠᠩᠬᠠᠨ ᠤ ᠲᠤᠭ ᠮᠠᠨᠳᠤᠭᠤᠯᠬᠤ ᠶᠤᠰᠤᠯᠠᠯ ᠠᠮᠵᠢᠯᠳᠠ ᠲᠠᠢ ᠰᠠᠶᠢᠬᠠᠨ ᠶᠠᠪᠤᠭᠳᠠᠵᠤ᠂ ᠰᠤᠷᠤᠭᠴᠢ ᠨᠥᠭᠦᠳ ᠤᠳ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠩᠬᠠᠳᠡᠬᠢ ᠬᠢᠴᠢᠶᠡᠯ ᠢᠶᠠᠨ ᠪᠠᠶᠠᠷ ᠬᠥᠷ ᠲᠠᠢ ᠤᠷᠤᠵᠠᠭᠠᠭᠰᠠᠨ ᠪᠠᠶᠢᠨ᠎ᠠ᠃
ᠨᠠᠮᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠨ᠎ᠡ ᠬᠡᠳᠡᠭ ᠪᠤᠯ ᠰᠤᠷᠤᠭᠴᠢ ᠨᠥᠭᠦᠳ ᠲᠤ ᠠᠪᠴᠤ ᠬᠡᠯᠡᠪᠡᠯ ᠪᠠᠶᠠᠷᠳᠤ ᠴᠠᠭ ᠮᠥᠴᠡ ᠪᠤᠯᠤᠨ᠎ᠡ᠃  ᠵᠠᠷᠢᠮ ᠰᠤᠷᠤᠭᠴᠢᠳ ᠨᠢ ᠤᠨ ᠲᠠᠪᠰᠢᠵᠤ ᠲᠡᠬᠡᠳᠤ ᠤᠨ ᠤ ᠰᠤᠷᠤᠭᠴᠢ ᠪᠤᠯᠬᠤ᠂ ᠪᠠᠰᠠ ᠵᠠᠷᠢᠮ ᠰᠤᠷᠤᠭᠴᠢᠳ ᠨᠢ ᠰᠤᠷᠭᠠᠭᠤᠯᠢ ᠶᠢᠨ ᠪᠤᠱᠤᠭ᠎ᠠ ᠪᠠᠷ ᠠᠩᠬ᠎ᠠ ᠤᠳᠠᠭ᠎ᠠ ᠠᠯᠬᠤᠵᠤ ᠰᠢᠨ᠎ᠡ ᠰᠤᠷᠤᠭᠴᠢ  ᠪᠤᠯᠳᠠᠭ᠃ ᠲᠡᠬᠡᠪᠡᠯ ᠡᠯ᠎ᠡ ᠲᠤᠮᠳᠠᠳᠤ ᠪᠠᠭ᠎ᠠ ᠰᠤᠷᠭᠠᠭᠤᠯᠢ ᠨᠢ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠦ ᠲᠠᠰᠢᠷᠠᠮ ᠢᠶᠠᠷ ᠰᠤᠷᠤᠭᠴᠢ ᠨᠥᠭᠦᠳ ᠲᠤ ᠨᠠᠮ ᠤᠨ ᠬᠥᠮᠤᠵᠢᠯ ᠬᠢᠭᠦ᠂ ᠤᠯᠤᠰ ᠢᠶᠠᠨ ᠬᠠᠶᠢᠷᠠᠯᠠᠬᠤ ᠤᠬᠠᠮᠰᠠᠷ ᠤᠨ ᠬᠢᠴᠢᠶᠡᠯ᠂ ᠬᠢᠵᠢᠭ ᠢ ᠰᠡᠷᠬᠡᠶᠢᠯᠡᠭᠦ ᠲᠤᠬᠠᠢ ᠲᠠᠶᠢᠯᠪᠤᠷᠢᠯᠡᠯᠳᠠ ᠬᠢᠭᠦ᠂ ᠥᠨᠳᠤᠰᠤᠳᠡᠨ ᠤ ᠪᠥᠯᠭᠦᠮᠳᠡᠯ ᠲᠠᠪᠰᠢᠯᠳᠠ ᠶᠢ ᠠᠬᠢᠭᠤᠯᠬᠤ ᠲᠤᠬᠠᠢ ᠬᠥᠮᠤᠵᠢᠯ ᠬᠢᠭᠦ ᠵᠡᠷᠬᠡ ᠤᠯᠠᠨ ᠲᠠᠯ᠎ᠠ ᠶᠢᠨ ᠠᠭᠤᠯᠭ᠎ᠠ ᠶᠢ ᠬᠠᠮᠤᠷᠴᠤ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠲᠠᠷᠠᠭᠠᠬᠢ ᠠᠩᠬᠠᠨ ᠤ ᠲᠤᠭ ᠮᠠᠨᠳᠤᠭᠤᠯᠬᠤ ᠶᠤᠰᠤᠯᠠᠯ᠂ ᠠᠩᠬᠠᠨ ᠤ ᠬᠢᠴᠢᠶᠡᠯ ᠢᠶᠠᠨ ᠥᠪᠡᠷ ᠥᠪᠡᠷ ᠤᠨ ᠢᠶᠠᠨ ᠤᠨᠴᠠᠯᠢᠭ ᠲᠠᠢ ᠶᠠᠪᠤᠭᠳᠠᠭᠤᠯᠤᠭᠰᠠᠨ ᠪᠠᠶᠢᠨ᠎ᠠ᠃
 ᠤᠯᠤᠰ ᠤᠨ ᠲᠤᠭ ᠠᠯᠭᠤᠷᠬᠠᠨ ᠤᠭᠳᠤᠷᠭᠤᠢ ᠳᠤ ᠮᠠᠨᠳᠤᠭᠠᠳ᠂ ᠥᠪᠴᠢ ᠪᠡᠶ᠎ᠡ ᠰᠤᠷᠭᠠᠭᠤᠯᠢ ᠶᠢᠨ ᠬᠤᠪᠴᠠᠰᠤ ᠎ ᠲᠠᠢ ᠰᠤᠷᠤᠭᠴᠢ ᠲᠡᠭᠦᠤᠨᠡᠷ ᠡᠩᠨᠡᠬᠡᠷᠡᠬᠡᠳ ᠠᠯᠠᠱᠠ ᠮᠤᠩᠭᠤᠯ ᠥᠨᠳᠤᠰᠤᠳᠡᠨ ᠤ ᠪᠥᠷᠢᠨ ᠲᠤᠮᠳᠠᠳᠤ ᠰᠤᠷᠭᠠᠭᠤᠯᠢ ᠎ ᠶᠢᠨ ᠬᠥᠷᠢᠶᠡᠨ ᠳᠤ ᠴᠠᠭᠠᠨ᠎ᠠ ᠪᠠᠨ ᠰᠥᠷᠯᠢᠭ ᠪᠥᠬᠡᠳ ᠬᠥᠭᠵᠢᠶᠡᠨ ᠲᠠᠢ᠃ ︽ᠮᠠᠨ ᠤ ᠰᠤᠷᠭᠠᠭᠤᠯᠢ ᠪᠤᠯ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠡ ᠤ ᠲᠠᠷᠠᠭᠠᠬᠢ ᠨᠢᠭᠡᠳᠦᠭᠡᠷ ᠬᠢᠴᠢᠶᠡᠯ ᠳᠤ ᠶᠤᠰᠦ ᠰᠤᠷᠳᠠᠬᠤᠨ ᠤ ᠰᠠᠯᠠᠭ᠎ᠠ ᠮᠦᠴᠢᠷ ᠠᠴᠠ ᠨᠢᠭᠡᠳᠦᠯᠳᠠᠢ ᠲᠤᠬᠢᠷᠠᠭᠤᠯᠤᠯᠳᠡ ᠬᠢᠵᠦ᠂ 8 ᠰᠠᠷ᠎ᠠ ᠶᠢᠨ 29᠎ ᠤ ᠡᠳᠦᠷ ᠠᠩᠬᠢ ᠶᠢᠨ ᠪᠠᠭᠰᠢ ᠨᠢ ᠠᠩᠭᠢ ᠪᠠᠷ ᠨᠢᠭᠡᠴᠢ ᠪᠤᠯᠭᠠᠵᠦ ᠶᠠᠪᠤᠭᠳᠠᠭᠤᠯᠤᠭᠰᠠᠠ ᠪᠠᠶᠢᠨ᠎ᠠ᠃ ᠰᠤᠷᠭᠠᠭᠤᠯᠢ ᠡᠬᠢᠯᠡᠭᠰᠡᠡ ᠨᠢᠭᠡᠳᠦᠭᠡᠷ ᠬᠢᠴᠢᠶᠡᠯ  ᠎ ᠨᠢ ᠰᠤᠷᠭᠠᠭᠤᠯᠢ  ᠎ ᠳᠤ ᠤᠷᠤᠬᠤ ᠭᠦᠮᠤᠵᠢᠯ ᠎ ᠢ ᠬᠠᠮᠤᠷᠤᠭᠰᠠᠠ ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠤᠨ ᠬᠦᠮᠦᠵᠢᠯ᠂ ᠦᠨᠳᠦᠰᠦᠳᠡᠡ ᠤ ᠪᠦᠯᠭᠦᠮᠳᠡᠯ ᠤᠨ ᠬᠦᠮᠦᠵᠢᠯ᠂ ᠰᠤᠷᠭᠠᠭᠤᠯᠢ ᠶᠢᠨ ᠲᠦᠷᠢᠮ ᠲᠤᠭᠳᠠᠭᠠᠯ ᠂ ᠪᠠᠶᠢᠷᠢ ᠶᠢᠨ ᠰᠤᠷᠤᠭᠴᠢᠳ ᠤᠨ ᠤᠷᠤ ᠬᠦᠨᠵᠢᠯᠡ᠂ ᠭᠡᠷ ᠤᠷᠤᠨ ᠢᠶᠠᠨ ᠴᠡᠪᠡᠷᠯᠡᠵᠦ ᠲᠢᠭᠯᠡᠬᠦ ᠲᠤᠬᠠᠢ᠂ ᠲᠠᠮᠢᠷ ᠳᠤ ᠤᠷᠤᠬᠤ᠂ ᠪᠤᠳᠠᠭ᠎ᠠ ᠬᠤᠭᠤᠯᠡ ᠢᠳᠡᠬᠦ ᠵᠡᠷᠭᠡ ᠬᠠᠮᠢᠶ᠎ᠠ ᠪᠦᠬᠦᠢ ᠠᠩᠬᠠᠷᠴᠦ ᠮᠡᠳᠡᠬᠦᠯᠬᠦ ᠴᠢᠬᠤᠯᠠᠳᠠᠢ ᠵᠦᠢᠯᠠᠰ ᠢ ᠲᠠᠶᠢᠯᠪᠦᠷᠢᠯᠡᠨ ᠶᠠᠷᠢᠭᠰᠠᠠ ᠪᠠᠶᠢᠨ᠎ᠠ᠃ ᠡᠭᠦᠨ ᠠᠴᠠ ᠭᠠᠳᠡᠨ᠎ᠠ ᠨᠠᠮ ᠪᠠᠶᠢᠭᠤᠯᠤᠭᠳᠠᠭᠰᠠᠠ ᠵᠠᠭᠤᠨ ᠵᠢᠯ ᠤᠨ ᠤᠢ᠂ ᠦᠨᠳᠦᠰᠦᠳᠡᠨ ᠤ ᠪᠦᠯᠬᠦᠮᠳᠡᠯ ᠤᠨ ᠬᠠᠮᠢᠶ᠎ᠠ ᠪᠦᠬᠦᠢ ᠠᠭᠤᠯᠭ᠎ᠠ ᠲᠠᠢ ᠬᠤᠪᠢᠰᠬᠠᠯᠳᠦ ᠺᠢᠨᠣ᠋ ᠶᠢ ᠰᠤᠷᠤᠭᠴᠢᠳ ᠲᠤ ᠰᠤᠷᠨᠢᠬᠠᠭᠤᠯᠤᠭᠰᠠᠠ ᠪᠠᠶᠢᠨ᠎ᠠ︾ ᠭᠡᠵᠦ ᠠᠯᠠᠱᠠ ᠮᠤᠩᠭᠤᠯ ᠦᠨᠳᠦᠰᠦᠳᠡᠨ ᠤ ᠪᠦᠷᠢᠨ ᠲᠤᠮᠳᠠᠳᠦ ᠰᠤᠷᠭᠠᠭᠤᠯᠢ ᠶᠢᠨ ᠵᠠᠬᠢᠷᠤᠯ ᠯᠦᠸᠧ ᠮᠠᠩᠯᠠᠶᠢᠬᠦᠦ ᠶᠠᠷᠢᠵᠦ ᠪᠠᠶᠢᠯ ᠎ᠠ᠃
ᠠᠯᠠᠱᠠ ᠵᠡᠭᠦᠨ ᠬᠤᠰᠢᠭᠤᠨ ᠤ ᠮᠤᠩᠭᠤᠯ ᠥᠨᠳᠤᠰᠤᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠪᠢᠴᠢᠬᠠᠨ ᠨᠥᠭᠦᠳ ᠤᠳ ᠰᠢᠨ᠎ᠡ ᠬᠤᠪᠴᠠᠰᠤ ᠵᠠᠰᠠᠯ ᠢᠶᠠᠷ ᠢᠶᠠᠨ ᠭᠤᠶᠤᠵᠤ᠂ ᠠᠩᠬᠢ ᠶᠢᠨ ᠪᠠᠭᠰᠢ ᠶᠢᠨ ᠢᠶᠠᠨ ᠵᠢᠯᠤᠭᠤᠳᠤᠯᠭ᠎ᠠ ᠲᠤᠤᠷ᠎ᠠ ᠰᠢᠨ᠎ᠡ ᠰᠤᠷᠤᠯᠭ᠎ᠠ ᠶᠢᠨ ᠬᠤᠭᠤᠴᠠᠭ᠎ᠠ  ᠎ ᠶᠢᠨ ᠠᠩᠬᠠᠨ ᠤ ᠲᠤᠭ ᠢᠶᠠᠨ ᠮᠠᠨᠳᠤᠭᠤᠯᠵᠤ᠂  ᠲᠠᠷᠠᠭ᠎ᠠ ᠨᠢ ᠥᠪᠡᠷ ᠥᠪᠡᠷ ᠤᠨ ᠠᠩᠬᠢ ᠶᠢᠨ ᠬᠡᠷ ᠲᠡᠭᠡᠨ ᠤᠷᠤᠵᠤ᠂  ᠰᠤᠷᠭᠠᠭᠤᠯᠢ ᠶᠢᠨ ᠰᠠᠬᠢᠯᠭ᠎ᠠ ᠲᠥᠷᠢᠮ᠂ ᠶᠤᠰᠤ ᠰᠤᠷᠳᠠᠬᠤᠨ᠂ ᠬᠡᠷ ᠤᠨ ᠠᠬᠠᠮᠠᠳ ᠢᠶᠠᠨ ᠬᠥᠨᠳᠤᠯᠡᠭᠦ ᠶᠤᠰᠤᠨ᠂ ᠪᠠᠭᠰᠢ ᠪᠠᠨ ᠬᠥᠨᠳᠤᠳᠬᠡᠵᠤ ᠨᠥᠭᠦᠳ ᠵᠠᠭᠤᠷ᠎ᠠ ᠎ ᠪᠠᠨ ᠪᠥᠯᠭᠦᠮᠳᠡᠭᠦ᠂ ᠠᠷᠢᠭᠤᠨ ᠴᠡᠪᠡᠷ ᠢ ᠡᠷᠬᠢᠮᠡᠯᠭᠦ ᠲᠤᠬᠠᠢ ᠬᠥᠮᠤᠵᠢᠯ ᠤᠨ ᠬᠢᠴᠢᠶᠡᠯ ᠢ ᠰᠡᠳᠬᠢᠯ ᠲᠠᠯᠪᠢᠨ ᠰᠤᠨᠤᠰᠴᠤ ᠠᠩᠬᠠᠨ ᠤ ᠬᠢᠴᠢᠶᠡᠯ ᠢᠶᠠᠨ ᠡᠬᠢᠯᠡᠭᠦᠯᠪᠡ᠃ ᠲᠤᠰ ᠰᠤᠷᠭᠠᠭᠤᠯᠢ ᠨᠢ ᠰᠤᠷᠭᠠᠭᠤᠯᠢ ᠡᠬᠢᠯᠡᠭᠰᠡᠨ ᠤ ᠲᠠᠷᠠᠭᠠᠬᠢ ᠠᠩᠬᠠᠨ ᠤ ᠬᠢᠴᠢᠶᠡᠯ ᠤᠨ ᠠᠭᠤᠯᠭ᠎ᠠ ᠶᠢ ᠤᠨ ᠨᠢᠬᠡᠴᠢ ᠳᠤᠨᠢ ᠲᠤᠬᠢᠷᠠᠭᠤᠯᠤᠨ ᠨᠡᠩ ᠰᠠᠶᠢᠨ ᠬᠥᠮᠤᠵᠢᠯ ᠎ ᠤᠨ ᠥᠷ᠎ᠡ ᠠᠰᠢᠭ ᠢ ᠤᠯᠭᠤᠬᠤ  ᠎ ᠶᠢ ᠵᠤᠷᠢᠭᠰᠠᠨ ᠪᠠᠶᠢᠨ᠎ᠠ᠃
ᠲᠠᠷᠤᠢ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠩᠬᠠᠳᠡᠬᠢ ᠬᠢᠴᠢᠶᠡᠯ ᠢ ᠨᠢᠬᠡ ᠡᠳᠤᠷ ᠤᠨ ᠪᠤᠳᠠᠳᠠᠢ ᠠᠵᠢᠯᠯᠠᠭ᠎ᠠ ᠪᠤᠯᠭᠠᠨ ᠶᠠᠪᠤᠭᠳᠠᠭᠤᠯᠵᠤ᠂  ᠲᠤᠮᠳᠠᠳᠤ ᠶᠢᠨ ᠥᠨᠳᠤᠰᠤᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠤᠨ᠂ ᠤᠯᠤᠰ ᠤᠨ ᠨᠡᠶᠢᠳᠡᠮ ᠬᠡᠷᠡᠭᠯᠡᠭᠦ ᠥᠬᠡ ᠬᠡᠯᠡ ᠥᠰᠥᠭ ᠪᠢᠴᠢᠭ ᠢ ᠰᠠᠶᠢᠳᠤᠷ ᠰᠤᠷᠴᠤ ᠬᠡᠷᠡᠭᠯᠡᠭᠦ ᠬᠢᠴᠢᠶᠡᠯ᠂ ᠠᠮᠤᠷ ᠲᠥᠪᠰᠢᠨ ᠤ ᠬᠥᠮᠤᠵᠢᠯ ᠤᠨ ᠬᠢᠴᠢᠶᠡᠯ ᠤᠷᠤᠬᠤ ᠠᠴᠠ ᠭᠠᠳᠠᠨ᠎ᠠ ᠨᠢᠬᠡᠳᠤᠬᠡᠷ ᠤᠨ ᠤ ᠰᠤᠷᠤᠭᠴᠢᠳ ᠲᠤ ᠰᠤᠷᠭᠠᠭᠤᠯᠢ ᠪᠠᠨ ᠲᠠᠨᠢᠬᠤ᠂ ᠰᠤᠷᠭᠠᠭᠤᠯᠢ ᠳᠤ ᠤᠷᠤᠭᠰᠠᠨ ᠠᠩᠬᠠᠨ ᠤ ᠬᠢᠴᠢᠶᠡᠯ ᠤᠨ ᠠᠭᠤᠯᠭ᠎ᠠ᠂  ᠬᠤᠶᠠᠳᠤᠭᠠᠷ᠂ ᠭᠤᠷᠪᠠᠳᠤᠭᠠᠷ ᠤᠨ ᠤ ᠰᠤᠷᠤᠭᠴᠢᠳ ᠲᠤ ᠲᠠᠳᠬᠠᠯ ᠤᠨ ᠬᠥᠮᠤᠵᠢᠯ ᠤᠨ ᠠᠭᠤᠯᠭ᠎ᠠ᠂  ᠲᠥᠷᠪᠡᠳᠤᠬᠡᠷ ᠤᠨ ᠤ ᠰᠤᠷᠤᠭᠴᠢᠳ ᠲᠤ ᠠᠮᠤᠷ ᠲᠥᠪᠰᠢᠨ ᠤ ᠲᠤᠬᠠᠢ ᠭᠠᠷ ᠪᠢᠴᠢᠮᠡᠯ ᠰᠤᠨᠢᠨ ᠪᠢᠴᠢᠭᠦᠯᠭᠦ ᠠᠭᠤᠯᠭ᠎ᠠ᠂  ᠵᠢᠷᠭᠤᠳᠤᠭᠠᠷ ᠤᠨ ᠤ ᠰᠤᠷᠤᠭᠴᠢᠳ ᠲᠤ ᠨᠠᠮ ᠤᠨ ᠲᠡᠤᠬᠡ ᠰᠤᠷᠤᠯᠴᠠᠯᠭ᠎ᠠ ᠶᠢᠨ ᠲᠤᠬᠠᠢ ᠭᠠᠷ ᠪᠢᠴᠢᠮᠡᠯ ᠰᠤᠨᠢᠨ ᠪᠢᠴᠢᠭᠦᠯᠭᠦ᠂ ᠤᠯᠤᠰ ᠢᠶᠠᠨ ᠬᠠᠶᠢᠷᠠᠯᠠᠬᠤ ᠬᠥᠮᠤᠵᠢᠯ᠂ ᠥᠨᠳᠤᠰᠤᠳᠡᠨ ᠤ ᠬᠥᠮᠤᠵᠢᠯ ᠢ ᠠᠬᠢᠭᠤᠯᠬᠤ ᠬᠥᠮᠤᠵᠢᠯ ᠵᠡᠷᠬᠡ ᠠᠭᠤᠯᠭ᠎ᠠ ᠶᠢ ᠲᠤᠬᠢᠷᠠᠭᠤᠯᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠩᠬᠠᠨ ᠤ ᠬᠢᠴᠢᠶᠡᠯ ᠢ ᠰᠤᠷᠤᠭᠴᠢᠳ ᠤᠨ ᠰᠡᠳᠬᠢᠯ ᠵᠢᠷᠤᠬᠡᠨ ᠳᠤ ᠬᠤᠨᠤᠭᠰᠢᠭᠤᠯᠵᠤ᠂ ᠠᠮᠢᠳᠤᠷᠠᠯ ᠰᠤᠷᠤᠯᠭ᠎ᠠ ᠳᠤᠨᠢ ᠶᠡᠬᠡᠬᠡᠨ ᠲᠤᠰᠠ ᠲᠡᠮ ᠬᠥᠷᠳᠡᠬᠡᠵᠤ᠂ ᠥᠵᠡᠯ ᠰᠠᠨᠠᠭ᠎ᠠ ᠶᠢ ᠨᠢ ᠨᠡᠩ ᠥᠨᠳᠤᠷ ᠲᠥᠪᠰᠢᠨ ᠳᠤ ᠬᠥᠷᠬᠡᠭᠦ ᠶᠢ ᠠᠳᠬᠤᠭᠰᠠᠨ ᠶᠤᠮ᠃
    ᠰᠢᠨ᠎ᠡ ᠰᠤᠷᠤᠯᠭ᠎ᠠ ᠶᠢᠨ ᠬᠤᠭᠤᠴᠠᠭ᠎ᠠ  ᠡᠬᠢᠯᠡᠨ ᠰᠤᠷᠭᠠᠭᠤᠯᠢ ᠶᠢᠨ ᠬᠥᠷᠢᠶᠡᠨ ᠳᠠᠬᠢ ᠨᠡᠷ᠎ᠡ ᠥᠯᠡᠳᠡᠬᠡᠭᠦ ᠬᠠᠭᠤᠳᠠᠰᠤᠨ ᠳᠤ ᠨᠡᠷ᠎ᠡ ᠪᠠᠨ ᠪᠢᠴᠢᠵᠤ᠂ ᠪᠠᠭᠰᠢ ᠰᠤᠷᠤᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠬᠥᠯᠢᠶᠡᠭᠰᠡᠨ ᠠᠯᠠᠱᠠ ᠵᠡᠭᠦᠨ ᠬᠤᠰᠢᠭᠤᠨ ᠤ ᠮᠤᠩᠭᠤᠯ ᠥᠨᠳᠤᠰᠤᠳᠡᠨ ᠤ ᠰᠤᠷᠭᠠᠭᠤᠯᠢ ᠶᠢᠨ ᠨᠢᠬᠡᠳᠤᠬᠡᠷ᠂ ᠲᠤᠯᠤᠳᠤᠭᠠᠷ ᠤᠨ ᠤ ᠰᠤᠷᠤᠭᠴᠢᠳ ᠲᠤ ᠠᠪᠴᠤ ᠬᠡᠯᠡᠪᠡᠯ ᠰᠤᠷᠭᠠᠭᠤᠯᠢ ᠡᠬᠢᠯᠡᠭᠰᠡᠨ ᠤ ᠲᠠᠷᠠᠭᠠᠬᠢ ᠠᠩᠬᠠᠨ ᠤ ᠲᠤᠭ ᠮᠠᠨᠳᠤᠭᠤᠯᠬᠤ ᠶᠤᠰᠤᠯᠠᠯ ᠵᠢᠴᠢ ᠠᠩᠬᠠᠨ ᠤ ᠬᠢᠴᠢᠶᠡᠯ ᠪᠤᠯ ᠮᠠᠷᠳᠠᠭᠰᠢ ᠥᠬᠡᠢ ᠰᠠᠶᠢᠬᠠᠨ ᠤᠴᠠᠷᠠᠯ ᠪᠤᠯᠵᠤ ᠪᠢᠯᠡ᠃  ᠲᠤᠰ ᠰᠤᠷᠭᠠᠭᠤᠯᠢ ᠶᠢᠨ ︽ᠰᠤᠷᠭᠠᠭᠤᠯᠢ ᠡᠬᠢᠯᠡᠭᠰᠡᠨ ᠤ ᠲᠠᠷᠠᠭᠠᠬᠢ ᠠᠩᠬᠠᠨ ᠤ ᠬᠢᠴᠢᠶᠡᠯ︾᠎ ᠨᠢ ᠬᠢᠵᠢᠭ ᠎ ᠠᠴᠠ ᠰᠡᠷᠬᠡᠶᠢᠯᠡᠬᠦ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠳᠡ ᠶᠢ ᠲᠠᠶᠢᠯᠪᠤᠷᠢᠯᠠᠬᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠤᠨ ᠲᠤᠬᠠᠢ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠎ ᠶᠢᠨ ᠲᠤᠬᠠᠢ᠂ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ᠂ ᠠᠮᠤᠷ ᠲᠦᠪᠰᠢᠨ ᠤ ᠬᠦᠮᠦᠵᠢᠯ ᠵᠡᠷᠭᠡ ᠠᠭᠤᠯᠭ᠎ᠠ ᠶᠢᠨ ᠲᠤᠭᠤᠷᠢᠨ ᠳᠤ ᠠᠩᠬᠢ ᠪᠤᠯᠭᠠᠨ ᠠᠳᠠᠯᠢ ᠪᠤᠰᠤ ᠠᠭᠤᠯᠭ᠎ᠠ ᠪᠠᠷ ᠲᠠᠶᠢᠯᠪᠤᠷᠢᠯᠠᠯᠳᠠ ᠬᠢᠵᠦ᠂ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠬᠠᠮᠳᠤᠪᠠᠷ ᠰᠤᠷᠤᠯᠴᠠᠭᠰᠠᠨ ᠰᠢᠨ᠎ᠡ ᠰᠤᠷᠤᠯᠭ᠎ᠠ ᠶᠢᠨ ᠬᠤᠭᠤᠴᠠᠭᠠᠨ ᠎ ᠤ ᠠᠩᠬᠠᠨ ᠤ ᠬᠢᠴᠢᠶᠡᠯ ᠪᠤᠯᠵᠠᠢ᠃  ᠮᠥᠨᠴᠤ ᠨᠢᠬᠡ ᠤᠳᠠᠭᠠᠨ ᠤ ︽ᠤᠭ ᠰᠠᠨᠠᠭ᠎ᠠ ᠪᠠᠨ ᠦᠯᠦ  ᠮᠠᠷᠳᠠᠨ᠂ ᠬᠦᠮᠦᠨ ᠢ ᠬᠦᠮᠦᠵᠢᠬᠦᠯᠬᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠠᠭᠤᠯᠭ᠎ᠠ ᠲᠡᠭᠦᠯᠳᠡᠷ ᠠᠵᠢᠯᠯᠠᠭ᠎ᠠ ᠪᠤᠯᠵᠤ ᠥᠩᠬᠡᠷᠡᠯ᠎ᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号