ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠡᠮ ᠲᠠᠨᠢᠬᠤ  ᠠᠵᠢᠯᠯᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2021/10/12
ᠬᠤᠶᠢᠳ ᠰᠡᠴᠡᠨ             ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠡᠮ ᠲᠠᠨᠢᠬᠤ  ᠠᠵᠢᠯᠯᠭ᠎ᠠ ᠦᠷᠨᠢᠬᠦᠯᠪᠡ  9 ᠰᠠᠷ᠎ᠠ ᠶᠢᠨ 16᠎ ᠤ ᠡᠳᠤᠷ ᠤᠨ ᠦᠳᠡ ᠶᠢᠨ ᠬᠤᠶᠢᠨ᠎ᠠ᠂ ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠤᠳᠠᠯ ᠦᠬᠡᠢ ᠬᠦᠷᠴᠦ ᠢᠷᠡᠬᠦ ᠬᠡᠵᠦ ᠪᠠᠶᠢᠭ᠎ᠠ ᠲᠡᠯᠡᠬᠡᠢ ᠶᠢᠨ ᠡᠮ ᠨᠠᠶᠢᠷᠠᠭᠴᠢ ᠶᠢᠨ ᠡᠳᠤᠷ ᠢ ᠤᠭᠲᠤᠵᠤ᠂ 30 ᠭᠠᠷᠤᠢ ᠠᠵᠢᠯᠳᠠᠨ ᠢ ᠵᠤᠬᠢᠶᠠᠨ ᠪᠠᠶᠢᠭᠤᠯᠤᠨ ᠡᠮᠨᠡᠯᠭᠡ ᠶᠢᠨ ᠬᠤᠷᠢᠶᠠᠨ ᠤ ᠪᠠᠨ ᠬᠦᠷᠢᠶᠡᠨ ᠳᠤ ᠲᠠᠷᠢᠵᠤ ᠤᠷᠭᠤᠭᠤᠯᠤᠭᠰᠠᠨ ᠡᠪᠡᠰᠦᠨ ᠡᠮ ᠢ ᠲᠠᠨᠢᠬᠤ ᠠᠵᠢᠯᠯᠠᠭ᠎ᠠ ᠦᠷᠨᠢᠬᠦᠯᠪᠡ᠃
9 ᠰᠠᠷ᠎ᠠ ᠶᠢᠨ 25᠎ ᠤ ᠡᠳᠤᠷ ᠪᠣᠯ ᠲᠡᠯᠡᠭᠡᠢ ᠶᠢᠨ ᠡᠮ ᠨᠠᠶᠢᠷᠠᠭᠴᠢ ᠶᠢᠨ ᠡᠳᠤᠷ ᠪᠣᠯᠣᠨ᠎ᠠ᠃ ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠠᠵᠢᠯᠲᠠᠳ ᠲᠤ ᠠᠵᠢᠯ ᠤᠨ ᠪᠠᠶᠢᠷᠢᠨ ᠤ ᠳᠠᠪᠲᠠᠨ ᠪᠣᠯᠪᠠᠰᠤᠷᠠᠭᠤᠯᠤᠯᠲᠠ ᠬᠢᠯᠬᠡᠵᠦ᠂ ᠮᠣᠩᠭᠤᠯ ᠡᠮ ᠢ ᠤᠬᠠᠭᠤᠯᠤᠨ ᠤᠶᠢᠯᠠᠭᠠᠭᠤᠯᠵᠤ᠂ ᠡᠮᠴᠢ ᠰᠤᠪᠢᠯᠠᠭᠴᠢ ᠡᠮ ᠨᠠᠶᠢᠷᠠᠭᠴᠢ ᠵᠡᠷᠭᠡ ᠠᠵᠢᠯᠲᠠᠳ ᠤᠨ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠪᠠᠶᠠᠷ ᠤᠨ ᠡᠳᠤᠷ ᠢᠶᠠᠨ ᠤᠳᠬ᠎ᠠ ᠠᠭᠤᠯᠭ᠎ᠠ ᠲᠠᠢ ᠲᠡᠮᠳᠡᠭᠯᠡᠬᠦ ᠵᠣᠷᠢᠯᠭ᠎ᠠ ᠠᠴᠠ ᠡᠮ ᠲᠠᠨᠢᠬᠤ᠂ ᠡᠮ ᠤᠨ ᠨᠠᠶᠢᠷᠠᠯᠭ᠎ᠠ ᠶᠢᠨ ᠪᠦᠷᠢᠯᠳᠦᠬᠦᠨ ᠢ ᠵᠠᠳᠠᠯᠬᠤ᠂ ︽ᠪᠢ ᠮᠣᠩᠭᠤᠯ ᠡᠮ ᠡᠮᠨᠡᠯᠭᠡ ᠳᠡᠭᠡᠨ ᠬᠠᠶᠢᠷᠠᠳᠠᠢ︾ ᠮᠡᠳᠡᠯᠭᠡ ᠶᠢᠨ ᠤᠷᠤᠯᠳᠤᠭᠠᠨ ᠬᠢᠬᠦ᠂ ᠬᠠᠮᠤᠭ ᠤᠨ ᠰᠢᠯᠢᠳᠡᠭ ᠡᠮ ᠨᠠᠶᠢᠷᠠᠭᠴᠢ ᠶᠢ ᠰᠣᠩᠭᠤᠬᠤ ᠵᠡᠷᠭᠡ ᠣᠯᠠᠨ ᠠᠭᠤᠯᠭ᠎ᠠ ᠪᠦᠬᠦᠢ ᠠᠵᠢᠯᠯᠠᠭᠠᠨ ᠢ ᠲᠣᠬᠢᠷᠠᠭᠤᠯᠤᠭᠰᠠᠨ ᠪᠠᠶᠢᠨ᠎ᠠ᠃ ᠲᠤᠰ ᠤᠳᠠᠭᠠᠨ ᠤ ᠡᠮ ᠲᠠᠨᠢᠬᠤ ᠠᠵᠢᠯᠯᠠᠭᠠᠨ ᠢ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠡᠮ ᠤᠨ ᠤᠬᠠᠭᠠᠨ ᠤ ᠬᠡᠯᠳᠡᠰ᠂ ᠠᠵᠢᠯᠴᠢᠨ ᠤ ᠡᠪᠯᠡᠯ᠂ ᠵᠢᠷᠭᠤᠳᠤᠭᠠᠷ ᠨᠠᠮ ᠤᠨ ᠡᠭᠦᠷ᠂ ᠡᠮ ᠨᠠᠶᠢᠷᠠᠭᠤᠯᠬᠤ ᠲᠥᠪ ᠠᠴᠠ ᠵᠣᠬᠢᠶᠠᠨ ᠪᠠᠶᠢᠭᠤᠯᠵᠤ᠂ ᠲᠡᠳ᠋ ᠬᠤᠷᠢᠶᠠᠨ ᠲᠠᠷᠤᠭ᠎ᠠ ᠴᠧᠨ ᠰᠣᠶᠣᠯ ᠡᠪᠡᠰᠦᠨ ᠡᠮ ᠤᠨ ᠮᠣᠩᠭᠤᠯ᠂ ᠬᠢᠲᠡᠳ᠂ ᠲᠥᠪᠡᠳ ᠨᠡᠷᠡᠶᠢᠳᠦᠯ᠂ ᠢᠵᠠᠭᠤᠷ ᠲᠥᠷᠥᠯ᠂ ᠦᠢᠯᠡᠳᠦᠯ ᠵᠡᠷᠭᠡ ᠲᠠᠯ᠎ᠠ ᠠᠴᠠ ᠲᠠᠨᠢᠯᠴᠠᠭᠤᠯᠪᠠ᠃
ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠮ ᠲᠠᠨᠢᠬᠤ ᠬᠥᠳᠡᠯᠭᠡᠭᠡᠨ ᠨᠢ ᠡᠪᠡᠰᠦᠨ ᠤᠷᠭᠤᠮᠠᠯ ᠡᠮ ᠢ ᠲᠠᠨᠢᠬᠤ ᠪᠠ ᠲᠦᠭᠦᠬᠡᠢ ᠮᠠᠲ᠋ᠧᠷᠢᠶᠠᠯ ᠡᠮ ᠢ ᠲᠠᠨᠢᠬᠤ ᠬᠤᠶᠠᠷ ᠲᠥᠷᠥᠯ ᠤᠨ ᠠᠭᠤᠯᠭ᠎ᠠ ᠪᠠᠷ ᠶᠠᠪᠤᠭᠳᠠᠵᠤ᠂ 9 ᠰᠠᠷ᠎ᠠ ᠶᠢᠨ 24᠎ ᠤ ᠡᠳᠤᠷ ᠲᠤᠰᠬᠠᠢ ᠠᠬᠤᠢ ᠲᠠᠯᠠᠪᠠᠢ ᠳᠤ ᠡᠮ ᠳᠠᠨᠢᠬᠤ ᠤᠷᠤᠯᠳᠤᠭᠠᠨ ᠪᠠ ᠡᠮ ᠨᠠᠶᠢᠷᠠᠯᠠᠭ᠎ᠠ ᠶᠢᠨ ᠪᠦᠷᠢᠯᠳᠦᠬᠦᠨ ᠢ ᠵᠠᠳᠠᠯᠬᠤ ᠣᠷᠣᠯᠳᠤᠭᠠᠨ ᠶᠠᠪᠤᠭᠳᠠᠭᠤᠯᠵᠤ᠂ 9 ᠰᠠᠷ᠎ᠠ ᠶᠢᠨ 26᠎ ᠤ ᠡᠳᠤᠷ ︽ᠪᠢ ᠮᠣᠩᠭᠤᠯ ᠡᠮ ᠡᠮᠨᠡᠯᠭᠡ ᠳᠡᠭᠡᠨ ᠬᠠᠶᠢᠷᠠᠳᠠᠢ︾ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠬᠤ ᠪᠠᠷ ᠪᠠᠶᠢᠭ᠎ᠠ ᠶᠤᠮ᠃
ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠡᠮ ᠤᠨ ᠤᠬᠠᠭᠠᠨ ᠤ ᠬᠡᠯᠲᠡᠰ ᠤᠨ ᠡᠷᠬᠢᠯᠡᠭᠴᠢ ᠬᠠᠰᠪᠠᠭᠠᠳᠤᠷ᠄ ︽2016 ᠣᠨ ᠠᠴᠠ ᠨᠠᠭᠠᠰᠢ ᠪᠢᠳᠡ ᠵᠢᠯ ᠪᠦᠷᠢ ᠲᠡᠯᠡᠬᠡᠢ ᠶᠢᠨ ᠡᠮ ᠨᠠᠶᠢᠷᠠᠭᠴᠢ ᠶᠢᠨ ᠡᠳᠤᠷ ᠲᠤ ᠵᠣᠷᠢᠭᠤᠯᠤᠨ ᠡᠮ ᠨᠠᠶᠢᠷᠠᠭᠴᠢ ᠪᠠᠷ ᠭᠤᠣᠯ ᠡᠩᠨᠡᠭᠡ ᠪᠣᠯᠭᠠᠭᠰᠠᠨ ᠠᠵᠢᠯᠲᠠᠳ ᠤᠨ ᠠᠵᠢᠯ ᠤᠨ ᠪᠠᠶᠢᠷᠢᠨ ᠤ ᠳᠠᠪᠲᠠᠨ ᠪᠣᠯᠪᠠᠰᠤᠷᠠᠭᠤᠯᠤᠯᠲᠠ ᠬᠢᠵᠦ᠂ ᠮᠡᠷᠭᠡᠵᠢᠯ ᠢᠶᠠᠨ ᠳᠡᠭᠡᠭᠰᠢᠯᠡᠭᠦᠯᠬᠦ ᠶᠢ ᠵᠣᠷᠢᠳᠠᠭ᠃ ᠲᠠᠷᠠᠭᠠᠴᠢ ᠪᠠᠷ ᠪᠣᠯᠬᠤ ᠤᠷᠤᠯᠳᠤᠭᠠᠨ ᠨᠤᠭᠤᠳ ᠲᠤ ᠮᠠᠨ ᠤ ᠡᠮᠨᠡᠯᠭᠡ ᠶᠢᠨ ᠬᠤᠷᠢᠶᠠᠨ ᠤ ᠬᠠᠮᠢᠶ᠎ᠠ ᠪᠦᠬᠦᠢ ᠡᠮ ᠨᠠᠶᠢᠷᠠᠯᠭ᠎ᠠ ᠶᠢᠨ ᠮᠡᠳᠡᠯᠭᠡ᠂ ᠡᠮᠨᠡᠯᠭᠡ ᠶᠢᠨ ᠤᠬᠠᠭᠠᠨ ᠤ ᠮᠡᠳᠡᠯᠭᠡ᠂ ᠶᠡᠷᠦ ᠶᠢᠨ ᠮᠡᠳᠡᠯᠭᠡ ᠵᠡᠷᠭᠡ ᠣᠯᠠᠨ ᠵᠦᠢᠯ ᠤᠨ ᠠᠭᠤᠯᠭ᠎ᠠ ᠶᠢ ᠲᠤᠬᠢᠷᠠᠭᠤᠯᠬᠤ ᠲᠤᠯᠠ ᠣᠯᠠᠨ ᠤ ᠮᠡᠳᠡᠯᠭᠡ ᠶᠢᠨ ᠴᠢᠳᠠᠪᠦᠷᠢ ᠪᠠᠨ ᠳᠡᠭᠡᠭᠰᠢᠯᠡᠭᠦᠯᠬᠦ ᠳᠤ ᠠᠰᠢᠭᠳᠠᠢ ᠨᠢᠭᠡ ᠤᠳᠠᠭᠠᠨ ᠤ ᠲᠣᠬᠢᠶᠠᠯ ᠪᠤᠯᠭᠠᠬᠤ ᠪᠠᠷ ᠪᠤᠢ︾ ᠭᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号