ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ | ᠵᠠᠬᠢᠷᠭᠠᠨ ᠤ ᠰᠢᠢᠳᠭᠡᠯ ᠤᠨ ᠲᠣᠭᠲᠠᠭᠠᠯ ᠢ ᠬᠡᠷᠡᠭᠵᠢᠭᠦᠯᠬᠦ ᠲᠤᠬᠠᠶ ᠰᠢᠪᠠᠳᠠᠨ ᠮᠡᠳᠡᠭᠳᠡᠬᠦ ᠪᠢᠴᠢᠭ ᠤᠨ ᠠᠯᠪᠠᠨ ᠵᠠᠷ | ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠵᠢᠤ ᠰᠧ ᠱᠤᠷᠤᠯᠠᠭ ᠤᠨ ᠳᠡᠯᠭᠡᠭᠦᠷ ︵ᠡᠵᠡᠩᠨᠡᠭᠴᠢ᠄ | ᠯᠦ ᠯᠦ︶᠄ | ᠲᠣᠰ ᠲᠣᠪᠴᠢᠶ᠎ᠠ 2021 ᠣᠨ ᠤ 3 ᠳ᠋ᠤᠭᠠᠷ ᠰᠠᠷ᠎ᠠ ᠶᠢᠨ 17 ᠤ ᠡᠳᠦᠷ ᠲᠤ ᠵᠠᠰᠠᠭ ᠵᠠᠬᠢᠷᠭᠠᠨ ᠤ ᠰᠢᠢᠳᠭᠡᠯ ᠤᠨ | ᠲᠣᠭᠲᠠᠭᠠᠯ ᠭᠠᠷᠭᠠᠪᠠ ︵︽ᠵᠠᠰᠠᠭ ᠵᠠᠬᠢᠷᠭᠠᠨ ᠤ ᠰᠢᠢᠳᠭᠡᠯ ᠤᠨ ᠲᠣᠭᠲᠠᠭᠠᠯ ᠤᠨ ᠪᠢᠴᠢᠭ︾ ᠠᠯᠠᠱᠠ ᠵᠡᠭᠦᠨ | ᠬᠤᠲᠠ ᠶᠢᠨ ᠬᠢᠨᠠᠨ ᠲᠣᠷᠭᠠᠬᠤ ᠰᠢᠶᠳᠪᠦᠷᠢ ᠥᠰᠥᠭ ︹ 2021 ︺ 22 ᠳ᠋ᠤᠭᠠᠷ ᠲᠣᠭᠠᠲᠤ︶᠃ ᠲᠠ | ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠤ ᠲᠤᠰ ︽ᠵᠠᠰᠠᠭ ᠵᠠᠬᠢᠷᠭᠠᠨ ᠤ ᠰᠢᠢᠳᠭᠡᠯ ᠤᠨ ᠲᠣᠭᠲᠠᠭᠠᠯ ᠤᠨ | ᠪᠢᠴᠢᠭ︾ ᠲᠤ ᠲᠣᠭᠲᠠᠭᠠᠭᠰᠠᠨ ᠳᠣᠣᠷᠠᠬᠢ ᠡᠭᠦᠷᠭᠡ ᠶᠢ ᠭᠦᠢᠴᠡᠳᠬᠡᠭᠰᠡᠨ ᠦᠭᠡᠢ᠄ | 1. ᠭᠤᠷᠪᠠᠨ ᠮᠢᠩᠭᠠᠨ ᠲᠥᠭᠦᠷᠢᠭ ︵3000 ᠲᠥᠭᠦᠷᠢᠭ︶ ᠤᠨ ᠲᠣᠷᠭᠠᠯᠲᠠ︔ | 2. ᠳᠡᠭᠡᠷ᠎ᠡ ᠳᠤᠷᠠᠳᠤᠭᠰᠠᠨ ᠲᠣᠷᠭᠠᠭᠤᠯᠢ ᠶᠢᠨ ᠵᠣᠭᠤᠰ ᠢ ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠦᠭᠡᠢ | ᠲᠤᠯᠠ ᠬᠠᠤᠯᠢ ᠶᠣᠰᠣᠭᠠᠷ ᠨᠡᠮᠡᠵᠦ ᠰᠢᠢᠳᠭᠡᠭᠰᠡᠨ ᠭᠤᠷᠪᠠᠨ ᠮᠢᠩᠭᠠᠨ ᠲᠥᠭᠦᠷᠢᠭ ︵3000 ᠲᠥᠭᠦᠷᠢᠭ︶ ᠃ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ ᠶᠢᠨ | ᠲᠠᠪᠢᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠲᠤᠰ ᠲᠣᠪᠴᠢᠶ᠎ᠠ ᠠᠴᠠ ᠡᠳᠦᠭᠡ ᠲᠠᠨ ᠢ ᠲᠤᠰ | ᠰᠢᠪᠠᠳᠠᠨ ᠮᠡᠳᠡᠭᠳᠡᠬᠦ ᠪᠢᠴᠢᠭ ᠢ ᠣᠯᠤᠭᠰᠠᠨ ᠡᠳᠦᠷ ᠠᠴᠠ ᠡᠬᠢᠯᠡᠨ ᠠᠷᠪᠠᠨ ᠡᠳᠦᠷ ᠤᠨ ᠳᠣᠲᠣᠷ᠎ᠠ ᠲᠤᠰ ︽ᠵᠠᠰᠠᠭ | ᠵᠠᠬᠢᠷᠭᠠᠨ ᠤ ᠰᠢᠢᠳᠭᠡᠯ ᠤᠨ ᠲᠣᠭᠲᠠᠭᠠᠯ ᠤᠨ ᠪᠢᠴᠢᠭ︾ ᠲᠤ ᠲᠣᠭᠲᠠᠭᠠᠭᠰᠠᠨ ᠠᠷᠭ᠎ᠠ ᠬᠡᠯᠪᠡᠷᠢ ᠪᠠᠷ ᠳᠡᠭᠡᠷ᠎ᠡ | ᠳᠤᠷᠠᠳᠤᠭᠰᠠᠨ ᠡᠭᠦᠷᠭᠡ ᠶᠢ ᠬᠠᠤᠯᠢ ᠶᠣᠰᠣᠭᠠᠷ ᠭᠦᠢᠴᠡᠳᠬᠡᠬᠦ ᠶᠢ ᠰᠢᠪᠠᠳᠠᠨ ᠮᠡᠳᠡᠭᠳᠡᠶ᠎ᠡ᠃ | ᠲᠣᠰ ᠰᠢᠪᠠᠳᠠᠨ ᠮᠡᠳᠡᠭᠳᠡᠬᠦ ᠪᠢᠴᠢᠭ ᠢ ᠣᠯᠵᠤ ᠠᠪᠤᠭᠰᠠᠨ ᠤ ᠳᠠᠷᠠᠭ᠎ᠠ᠂ ᠲᠠᠨ ᠤ ᠨᠢᠭᠡᠴᠢ ᠲᠣᠭᠠᠴᠢᠯᠲᠠ ᠬᠢᠬᠦ᠂ | ᠲᠣᠳᠣᠷᠬᠠᠶᠢᠯᠠᠬᠤ ᠡᠷᠬᠡ ᠲᠠᠢ᠃ ᠵᠦᠢ ᠶᠣᠰᠣᠨ ᠤ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠳᠡᠭᠡᠷ᠎ᠡ | ᠳᠤᠷᠠᠳᠤᠭᠰᠠᠨ ᠡᠭᠦᠷᠭᠡ ᠶᠢ ᠮᠥᠨ ᠯᠡ ᠭᠦᠢᠴᠡᠳᠬᠡᠬᠦ ᠦᠭᠡᠢ ᠪᠠᠶᠢᠪᠠᠯ᠂ ᠲᠤᠰ ᠲᠣᠪᠴᠢᠶ᠎ᠠ ᠠᠴᠠ ᠠᠯᠪᠠᠳᠠᠨ | ᠭᠦᠢᠴᠡᠳᠬᠡᠭᠦᠯᠬᠦ ᠪᠠᠷ ᠠᠷᠠᠳ ᠤᠨ ᠰᠢᠭᠦᠬᠦ ᠬᠤᠷᠢᠶᠠᠨ ᠳᠤ ᠬᠠᠤᠯᠢ ᠶᠣᠰᠣᠭᠠᠷ ᠭᠤᠶᠤᠴᠢᠯᠠᠯ ᠭᠠᠷᠭᠠᠨ᠎ᠠ᠃ | ᠬᠠᠷᠢᠯᠴᠠᠬᠤ ᠬᠥᠮᠦᠨ᠄ ᠵᠣᠣ ᡁᠢ ᠭᠦᠸᠧ | ᠬᠠᠷᠢᠯᠴᠠᠬᠤ ᠤᠲᠠᠰᠤ᠄ 0483 — 8333101 | | | ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | 2021 ᠣᠨ ᠤ 10 ᠳ᠋ᠤᠭᠠᠷ ᠰᠠᠷ᠎ᠠ ᠶᠢᠨ 9 ᠤ ᠡᠳᠤᠷ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |