ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠦᠷ᠎ᠡ ᠪᠦᠲᠦᠮᠵᠢ ᠶᠢ ᠦᠨᠡᠯᠡᠬᠦ ᠭᠤᠷᠪᠠᠳᠠᠬᠢ ᠡᠲᠡᠭᠡᠳ ᠤᠨ ᠦᠢᠯᠡᠴᠢᠯᠡᠭᠡᠨ ᠤ ᠦᠨ᠎ᠡ ᠯᠠᠪᠯᠠᠬᠤ ᠠᠯᠪᠠᠨ ᠵᠠᠷ
ᠨᠡᠶᠢᠲᠡᠯᠡᠭᠰᠡᠨ ᠴᠠᠭ᠄
2021/10/12
ᠠᠯᠠᠱᠠ ᠵᠡᠭᠦᠨ ᠬᠤᠰᠢᠭᠤᠨ ᠤ ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠦᠬᠦᠨ ᠢ ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠳ᠋ ᠤᠨ ᠵᠠᠰᠠᠭ ᠤᠨ ᠡᠬᠢ ᠪᠠᠶᠠᠯᠢᠭ ᠢ ᠲᠤᠬᠢᠷᠠᠭᠤᠯᠬᠤ ᠦᠷ᠎ᠡ ᠪᠦᠲᠦᠮᠵᠢ ᠪᠠ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠦᠯᠦᠭᠡ᠂ ︽ᠠᠯᠠᠱᠠ ᠠᠶᠢᠮᠠᠭ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠰᠠᠨᠠᠯ︾ ︵ᠠᠯᠠᠱᠠ ᠡᠳ᠋ ᠠᠯᠪᠠᠨ 〔 2021〕282 ᠳ᠋ᠤᠭᠠᠷ ᠲᠣᠭᠠᠲᠤ︶ ᠪᠠ ︽ᠠᠯᠠᠱᠠ ᠠᠶᠢᠮᠠᠭ ᠤᠨ ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢ ᠦᠨᠡᠯᠡᠬᠦ ᠬᠠᠮᠢᠶᠠᠷᠤᠯᠲᠠ ᠶᠢᠨ ᠠᠷᠭ᠎ᠠ︾ ︵ᠠᠯᠠᠱᠠ ᠡᠳ᠋ ᠠᠯᠪᠠᠨ 〔2021〕283 ᠳ᠋ᠤᠭᠠᠷ ᠲᠣᠭᠠᠲᠤ︶᠎ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠡᠳ᠋ ᠤᠨ ᠵᠠᠰᠠᠭ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢ ᠦᠨᠡᠯᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠯᠠᠱᠠ ᠵᠡᠭᠦᠨ ᠬᠤᠰᠢᠭᠤᠨ ᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠵᠣᠭᠤᠰ ᠵᠠᠷᠤᠵᠤ ᠦᠷ᠎ᠡ ᠪᠦᠲᠦᠮᠵᠢ ᠶᠢ ᠠᠰᠠᠭᠤᠬᠤ᠂ ᠬᠦᠴᠦᠨ ᠦᠭᠡᠢ ᠬᠠᠷᠢᠭᠤᠴᠠᠯᠭ᠎ᠠ ᠨᠡᠬᠡᠮᠵᠢᠯᠡᠬᠦ︾ ᠠᠮᠵᠢᠯᠲᠠ ᠪᠦᠲᠦᠮᠵᠢ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠵᠤ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ ᠮᠠᠨ ᠤ ᠲᠣᠪᠴᠢᠶ᠎ᠠ ᠭᠤᠷᠪᠠᠳᠠᠬᠢ ᠡᠲᠡᠭᠡᠳ ᠤᠨ ᠵᠠᠭᠤᠴᠢ ᠪᠠᠶᠢᠭᠤᠯᠤᠮᠵᠢ ᠳᠤ ᠨᠠᠶᠢᠳᠠᠵᠤ ᠦᠨᠡᠯᠡᠭᠦᠯᠬᠦ ᠠᠷᠭ᠎ᠠ ᠬᠡᠯᠪᠡᠷᠢ ᠶᠢ ᠠᠪᠴᠤ᠂ 2020 ᠣᠨ ᠤ ᠡᠳ᠋ ᠤᠨ ᠵᠠᠰᠠᠭ ᠤᠨ ᠵᠠᠷᠤᠯᠭ᠎ᠠ ᠶᠢᠨ ᠲᠥᠷᠥᠯ ᠵᠦᠢᠯ ᠪᠠ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠵᠠᠷᠤᠯᠭ᠎ᠠ ᠶᠢᠨ ᠪᠠᠶᠢᠳᠠᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠦᠨ᠎ᠡ ᠯᠠᠪᠯᠠᠬᠤ ᠠᠷᠭ᠎ᠠ ᠬᠡᠯᠪᠡᠷᠢ ᠪᠠᠷ ᠭᠤᠷᠪᠠᠳᠠᠬᠢ ᠡᠲᠡᠭᠡᠳ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠢᠯᠡᠴᠢᠯᠡᠭᠡ ᠶᠢ ᠬᠤᠳᠠᠯᠳᠤᠨ ᠠᠪᠴᠤ᠂ ᠨᠥᠬᠦᠴᠡᠯ ᠳᠤ ᠨᠡᠶᠢᠴᠡᠬᠦ ᠬᠠᠩᠭᠠᠯᠭ᠎ᠠ ᠶᠢᠨ ᠬᠤᠳᠠᠯᠳᠤᠭᠠᠴᠢᠨ ᠢ ᠤᠷᠢᠵᠤ ᠳᠠᠭᠠᠭᠠᠴᠢᠯᠠᠯᠲᠠ ᠳᠤ ᠣᠷᠣᠯᠴᠠᠭᠤᠯᠬᠤ ᠪᠠᠷ ᠪᠠᠶᠢᠨ᠎ᠠ᠃ ᠨᠢᠭᠡ᠂ ᠲᠥᠷᠥᠯ ᠵᠦᠢᠯ ᠤᠨ ᠲᠦᠢᠮᠣᠴᠢᠯᠠᠯ ︵ᠨᠢᠭᠡ︶ ᠲᠥᠷᠥᠯ ᠵᠦᠢᠯ ᠤᠨ ᠨᠡᠷᠡᠶᠢᠳᠦᠯ᠄ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ 2020 ᠣᠨ ᠤ ᠡᠳ᠋ ᠤᠨ ᠵᠠᠰᠠᠭ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠭᠤᠷᠪᠠᠳᠠᠬᠢ ᠡᠲᠡᠭᠡᠳ ᠤᠨ ᠦᠢᠯᠡᠴᠢᠯᠡᠭᠡᠨ ᠤ ᠲᠥᠷᠥᠯ ᠵᠦᠢᠯ ︵ᠬᠤᠶᠠᠷ︶ ᠲᠥᠷᠥᠯ ᠵᠦᠢᠯ ᠤᠨ ᠠᠭᠤᠯᠭ᠎ᠠ᠄ 1. ᠲᠥᠰᠦᠪ ᠬᠢᠵᠦ ᠪᠦᠬᠦᠢ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ 2020 ᠣᠨ ᠤ ᠲᠥᠰᠦᠪ ᠬᠢᠬᠦ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠬᠡᠪᠴᠢᠶ᠎ᠡ ᠶᠢ ᠠᠯᠠᠱᠠ ᠵᠡᠭᠦᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠢᠶᠠᠷ ᠲᠣᠭᠲᠠᠭᠠᠬᠤ ᠪᠠᠷ ᠪᠠᠶᠢᠨ᠎ᠠ᠃ ᠠᠯᠠᠱᠠ ᠵᠡᠭᠦᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ 2020 ᠣᠨ ᠤ ᠵᠠᠷᠤᠯᠭ᠎ᠠ ᠨᠡᠶᠢᠲᠡ 174.04 ᠲᠦᠮᠡᠨ ᠲᠥᠭᠦᠷᠢᠭ ᠲᠤ ᠬᠦᠷᠴᠡᠶ᠃ 2. ᠡᠳ᠋ ᠤᠨ ᠵᠠᠰᠠᠭ ᠤᠨ ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠲᠣᠰ ᠤᠳᠠᠭᠠᠨ ᠤ ᠭᠤᠤᠯᠳᠠᠯᠭ᠎ᠠ ᠲᠠᠢ ᠦᠨᠡᠯᠡᠯᠲᠡ ᠳᠤ 2020 ᠣᠨ ᠤ ᠡᠳ᠋ ᠤᠨ ᠵᠠᠰᠠᠭ ᠤᠨ ᠵᠠᠷᠤᠯᠭ᠎ᠠ ᠶᠢᠨ ᠲᠥᠷᠥᠯ ᠵᠦᠢᠯ 13 ᠪᠠᠶᠢᠵᠤ᠂ ᠨᠡᠶᠢᠲᠡ 1511. 98 ᠲᠦᠮᠡᠨ ᠲᠥᠭᠦᠷᠢᠭ ᠬᠦᠷᠴᠡᠶ᠃ ᠪᠣᠳᠠᠲᠠᠶ ᠪᠠᠷ ᠬᠡᠯᠡᠪᠡᠯ᠄ ⑴ ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠲᠡᠮᠡᠭᠡᠨ ᠪᠦᠬᠦ ᠳᠡᠭᠡᠷᠡᠬᠢ ︵ᠣᠷᠳᠣ ᠴᠠᠭᠠᠨ ᠬᠡᠷᠡᠮ︶ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠩᠭᠢ ᠶᠢᠨ ᠲᠥᠷᠥᠯ ᠵᠦᠢᠯ ᠤᠨ 52. 6 ᠲᠦᠮᠡᠨ ᠲᠥᠭᠦᠷᠢᠭ᠃ ⑵ ᠠᠯᠠᠱᠠ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠲᠠᠷᠢᠶᠠᠯᠠᠬᠤ ᠪᠠᠨ ᠵᠣᠭᠰᠣᠬᠤ ᠠᠵᠤ ᠦᠢᠯᠡᠰ ᠤᠨ ᠨᠥᠬᠦᠪᠥᠷᠢ ᠶᠢᠨ ᠲᠥᠷᠥᠯ ᠵᠦᠢᠯ ᠤᠨ 203 . 5 ᠲᠦᠮᠡᠨ ᠲᠥᠭᠦᠷᠢᠭ᠃ ⑶ ᠠᠯᠠᠱᠠ ᠵᠡᠭᠦᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠥᠪ ᠤᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮ ᠡᠮᠨᠡᠯᠭᠡ ᠶᠢᠨ ᠵᠠᠷᠤᠳᠠᠯ᠂ 9·23 ᠪᠣᠰᠣᠯᠭ᠎ᠠ ᠶᠢᠨ ᠬᠥᠮᠦᠰ ᠤᠨ ᠡᠮ ᠡᠮᠨᠡᠯᠭᠡ ᠶᠢᠨ ᠵᠠᠷᠤᠳᠠᠯ ᠤᠨ ᠲᠥᠷᠥᠯ ᠵᠦᠢᠯ ᠤᠨ 60 ᠲᠦᠮᠡᠨ ᠲᠥᠭᠦᠷᠢᠭ᠃ ⑷ ᠠᠯᠠᠱᠠ ᠵᠡᠭᠦᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠥᠪ ᠤᠨ ᠰᠤᠮᠤ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠠᠯᠪᠠᠨ ᠲᠤᠰᠢᠶᠠᠯᠲᠠᠨ ᠤ ᠡᠮ ᠡᠮᠨᠡᠯᠭᠡ ᠶᠢᠨ ᠵᠠᠷᠤᠳᠠᠯ ᠤᠨ 11. 88 ᠲᠦᠮᠡᠨ ᠲᠥᠭᠦᠷᠢᠭ᠃ ⑸ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠥᠷᠥᠯ ᠵᠦᠢᠯ ᠤᠨ 350 ᠲᠦᠮᠡᠨ ᠲᠥᠭᠦᠷᠢᠭ᠃ ⑹ ᠠᠯᠠᠱᠠ ᠵᠡᠭᠦᠨ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ ᠤᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠠᠵᠢᠯ ᠤᠨ ᠵᠠᠷᠤᠳᠠᠯ ᠤᠨ ᠲᠥᠷᠥᠯ ᠵᠦᠢᠯ ᠤᠨ 57 ᠲᠦᠮᠡᠨ ᠲᠥᠭᠦᠷᠢᠭ᠃ ⑺ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠤᠨ 400 ᠲᠦᠮᠡᠨ ᠲᠥᠭᠦᠷᠢᠭ᠃ ⑻ ᠢᠩᠭᠡᠨ ᠰᠤᠮᠤ ᠶᠢᠨ ᠳᠠᠯᠠᠨᠲᠦ᠋ᠷᠦᠭᠦᠦ ᠭᠠᠴᠠᠭᠠᠨ ᠤ ᠬᠠᠰᠢᠶᠠᠯᠠᠨ ᠲᠡᠵᠢᠭᠡᠵᠦ ᠦᠷᠡᠵᠢᠭᠦᠯᠬᠦ ᠲᠥᠷᠥᠯ ᠵᠦᠢᠯ ᠤᠨ 45 ᠲᠦᠮᠡᠨ ᠲᠥᠭᠦᠷᠢᠭ᠃ ⑼ ᠠᠯᠠᠱᠠ ᠵᠡᠭᠦᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠠᠯᠠᠱᠠ ᠵᠡᠭᠦᠨ ᠬᠤᠰᠢᠭᠤᠨ ᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠲᠥᠷᠥᠯ ᠵᠦᠢᠯ ᠤᠨ 185 ᠲᠦᠮᠡᠨ ᠲᠥᠭᠦᠷᠢᠭ᠃ ⑽ ᠪᠠᠷᠠᠭᠤᠨ ᠪᠡᠯ ᠪᠠᠯᠭᠠᠰᠤᠨ ᠤ ᠰᠢᠷ᠎ᠠ ᠬᠥᠳᠡᠭᠡ ᠭᠠᠴᠠᠭ᠎ᠠ ᠶᠢᠨ ᠲᠣᠰᠬᠤᠨ ᠤ ᠬᠠᠮᠲᠤ ᠶᠢᠨ ᠵᠠᠩ ᠦᠢᠯᠡ ᠶᠢᠨ ᠥᠭᠡᠷᠡᠴᠢᠯᠡᠯᠲᠡ ᠶᠢᠨ ᠲᠥᠷᠥᠯ ᠵᠦᠢᠯ ᠤᠨ 20 ᠲᠦᠮᠡᠨ ᠲᠥᠭᠦᠷᠢᠭ᠃ ⑾ ᠤᠨᠳᠤᠷᠤᠯᠲᠤ ᠪᠠᠯᠭᠠᠰᠤᠨ ᠤ ᠰᠠᠶᠢᠬᠠᠨ ᠲᠠᠯ᠎ᠠ ᠭᠠᠴᠠᠭᠠᠨ ᠤ ᠨᠢᠭᠡᠳᠦᠭᠡᠷ᠂ ᠬᠤᠶᠠᠳᠤᠭᠠᠷ ᠠᠩᠭᠢ ᠶᠢᠨ ᠰᠤᠪᠠᠭ ᠤᠨ ᠰᠡᠯᠪᠢᠨ ᠵᠠᠰᠠᠬᠤ ︵ᠳᠣᠯᠭᠢᠶᠠᠨ ᠠᠷᠲᠤ ᠬᠤᠭᠤᠯᠠᠶ︶ ᠲᠥᠷᠥᠯ ᠵᠦᠢᠯ ᠤᠨ 60 ᠲᠦᠮᠡᠨ ᠲᠥᠭᠦᠷᠢᠭ᠃ ⑿ ᠤᠨᠳᠤᠷᠤᠯᠲᠤ ᠪᠠᠯᠭᠠᠰᠤᠨ ᠤ ᠵᠠᠬ᠎ᠠ ᠳᠤᠯᠤᠭᠠᠨ ᠭᠠᠴᠠᠭᠠᠨ ᠤ ᠰᠣᠶᠣᠯ ᠤᠨ ᠠᠵᠢᠯᠯᠠᠭᠠᠨ ᠤ ᠲᠠᠯᠠᠪᠤᠷ ᠤᠨ ᠪᠦᠲᠦᠭᠡᠨ ᠪᠠᠶᠢᠭᠤᠯᠤᠯᠲᠠ᠂ 2000 ᠺᠦᠸᠠᠲ ᠮᠧᠲᠷ ᠤᠨ ᠲᠠᠯᠠᠪᠠᠢ ᠶᠢ ᠬᠠᠲᠠᠭᠤᠷᠠᠭᠤᠯᠬᠤ ᠲᠥᠷᠥᠯ ᠵᠦᠢᠯ ᠤᠨ 18 ᠲᠦᠮᠡᠨ ᠲᠥᠭᠦᠷᠢᠭ᠃ ⒀ ᠤᠨᠳᠤᠷᠤᠯᠲᠤ ᠪᠠᠯᠭᠠᠰᠤᠨ ᠤ ᠤᠯᠠᠭᠠᠨ ᠲᠣᠯᠤᠭᠠᠢ ᠭᠠᠴᠠᠭᠠᠨ ᠤ ᠰᠢᠨ᠎ᠡ ᠪᠠᠷ ᠪᠠᠶᠢᠭᠤᠯᠬᠤ ᠳᠠᠯᠳᠠ ᠤᠷᠤᠰᠬᠠᠯ ᠤᠨ ᠣᠯᠠᠨ ᠬᠤᠭᠤᠯᠠᠶᠢᠲᠤ ᠤᠰᠤ ᠴᠤᠭᠯᠠᠭᠤᠯᠬᠤ ᠬᠤᠳᠳᠤᠭ ᠤᠨ ᠲᠥᠷᠥᠯ ᠵᠦᠢᠯ ᠤᠨ 49 ᠲᠦᠮᠡᠨ ᠲᠥᠭᠦᠷᠢᠭ᠃ ᠬᠤᠶᠠᠷ᠂ ᠬᠢᠷᠢ ᠬᠡᠮ ᠤᠨ ᠱᠠᠭᠠᠷᠳᠠᠯᠭ᠎ᠠ ︵ᠨᠢᠭᠡ︶ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠎ ᠶᠢᠨ ᠬᠤᠷᠢᠨ ᠬᠤᠶᠠᠳᠤᠭᠠᠷ ᠵᠦᠢᠯ ᠤᠨ ᠲᠣᠭᠲᠠᠭᠠᠯ ᠢ ᠬᠠᠩᠭᠠᠬᠤ᠃ ︵ᠬᠤᠶᠠᠷ︶ ᠠᠮᠵᠢᠯᠲᠠ ᠪᠦᠲᠦᠮᠵᠢ ᠶᠢ ᠦᠨᠡᠯᠡᠬᠦ ᠦᠢᠯᠡᠴᠢᠯᠡᠭᠡᠨ ᠥᠷᠨᠢᠭᠦᠯᠬᠦ ᠴᠢᠳᠠᠪᠤᠷᠢ ᠲᠠᠢ ᠮᠥᠷᠲᠡᠭᠡᠨ ᠲᠤᠰ ᠲᠥᠷᠥᠯ ᠵᠦᠢᠯ ᠳᠤ ᠣᠷᠣᠭᠤᠯᠤᠭᠰᠠᠨ ᠠᠵᠢᠯᠲᠠᠨ ᠨᠢ ᠡᠷᠬᠡᠪᠰᠢ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠲᠥᠷᠥᠯ ᠵᠦᠢᠯ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠲᠤᠰ ᠲᠤᠰ ᠨᠢᠭᠡ ︵ᠡᠭᠦᠨ ᠳᠤ ᠠᠳᠠᠭ ᠲᠠᠭᠠᠨ ᠨᠢᠭᠡ ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ︶᠎ ᠶᠢ ᠬᠠᠩᠭᠠᠭᠰᠠᠨ ᠪᠠᠶᠢᠬᠤ ᠬᠡᠷᠡᠭᠲᠡᠶ᠃ ᠭᠡᠷ᠎ᠡ ᠶᠢᠨ ᠡᠯ᠎ᠡ ᠲᠥᠷᠥᠯ ᠵᠦᠢᠯ ᠤᠨ ᠭᠦᠢᠴᠡᠳ ᠬᠥᠮᠦᠨ ᠤ ᠬᠦᠴᠦᠨ ᠤ ᠣᠷᠣᠭᠤᠯᠤᠯᠲᠠ ᠶᠢ ᠪᠠᠲᠤᠯᠠᠵᠤ᠂ ᠲᠥᠷᠥᠯ ᠵᠦᠢᠯ ᠤᠨ ᠡᠭᠦᠷᠭᠡ ᠶᠢ ᠵᠢᠩᠬᠢᠨᠢ ᠭᠡᠷ᠎ᠡ ᠲᠣᠭᠲᠠᠭᠰᠠᠨ ᠨᠢᠭᠡ ᠰᠠᠷ᠎ᠠ ᠶᠢᠨ ᠳᠣᠲᠣᠷ᠎ᠠ ᠱᠠᠭᠠᠷᠳᠠᠯᠭ᠎ᠠ ᠶᠢᠨ ᠶᠠᠰᠤ ᠴᠢᠨᠠᠷ ᠢᠶᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ᠂ ᠦᠨ᠎ᠡ ᠶᠢᠨ ᠱᠠᠭᠠᠷᠳᠠᠯᠭ᠎ᠠ ︵ᠨᠢᠭᠡ︶ ᠲᠣᠰ ᠲᠥᠷᠥᠯ ᠵᠦᠢᠯ ᠪᠣᠯ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠭᠤᠷᠪᠠᠳᠠᠬᠢ ᠡᠲᠡᠭᠡᠳ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠢᠯᠡᠴᠢᠯᠡᠭᠡᠨ ᠢ ᠬᠤᠳᠠᠯᠳᠤᠨ ᠠᠪᠬᠤ ᠲᠥᠷᠥᠯ ᠵᠦᠢᠯ᠂ ᠲᠥᠷᠥᠯ ᠵᠦᠢᠯ ᠤᠨ ᠬᠡᠷᠡᠭᠴᠡᠭᠡ ᠶᠢ ᠭᠦᠢᠴᠡᠳ ᠣᠶᠢᠯᠠᠭᠠᠭᠰᠠᠨ ᠰᠠᠭᠤᠷᠢᠨ ᠳᠡᠭᠡᠷ᠎ᠡ ᠦᠨ᠎ᠡ ᠪᠠᠨ ᠮᠡᠳᠡᠭᠦᠯᠦᠭᠡᠷᠡᠶ᠃ ︵ᠬᠤᠶᠠᠷ︶ ᠲᠤᠰ ᠲᠥᠷᠥᠯ ᠵᠦᠢᠯ ᠢ ᠨᠢᠭᠡ ᠤᠳᠠᠭ᠎ᠠ ᠶᠢᠨ ᠴᠢᠨᠠᠷᠲᠠᠶ ᠪᠣᠭᠤᠳᠠᠯᠯᠠᠵᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠳᠤ᠂ ᠬᠠᠮᠤᠭ ᠤᠨ ᠥᠨᠳᠥᠷ ᠬᠢᠵᠠᠭᠠᠷᠯᠠᠭᠰᠠᠨ ᠦᠨ᠎ᠡ ᠨᠢ 6 ᠲᠦᠮᠡᠨ ᠲᠥᠭᠦᠷᠢᠭ ᠪᠠᠶᠢᠵᠤ᠂ ᠮᠡᠳᠡᠭᠦᠯᠦᠭᠰᠡᠨ ᠦᠨ᠎ᠡ ᠨᠢ ᠲᠥᠰᠦᠪ ᠠᠴᠠ ᠳᠠᠪᠠᠭᠰᠠᠨ ᠪᠤᠶᠤ ᠲᠣᠭᠲᠠᠭᠠᠭᠰᠠᠨ ᠴᠠᠭ ᠠᠴᠠ ᠬᠡᠲᠦᠷᠡᠭᠦᠯᠦᠨ ᠲᠤᠰᠢᠶᠠᠭᠰᠠᠨ ᠪᠣᠯ ᠴᠥᠮ ᠬᠦᠴᠦᠨ ᠦᠭᠡᠶ ᠭᠡᠵᠦ ᠦᠵᠡᠨ᠎ᠡ᠃ ᠬᠦᠴᠦᠨ ᠲᠠᠢ ᠮᠡᠳᠡᠭᠦᠯᠬᠦ ᠦᠨ᠎ᠡ ᠨᠢ ᠬᠢᠷᠢ ᠬᠡᠮ ᠤᠨ ᠦᠨᠡᠮᠯᠡᠯ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠮᠥᠷᠲᠡᠭᠡᠨ ᠬᠤᠳᠠᠯᠳᠤᠨ ᠠᠪᠬᠤ ᠱᠠᠭᠠᠷᠳᠠᠯᠭ᠎ᠠ ᠶᠣᠰᠣᠭᠠᠷ ᠬᠠᠩᠭᠠᠭᠰᠠᠨ ᠬᠠᠮᠤᠭ ᠤᠨ ᠥᠨᠳᠥᠷ ᠬᠢᠵᠠᠭᠠᠷᠯᠠᠭᠰᠠᠨ ᠦᠨ᠎ᠡ ᠠᠴᠠ ᠳᠣᠣᠷ᠎ᠠ ᠳᠠᠭᠠᠭᠠᠴᠢᠯᠠᠯᠲᠠ ᠬᠦᠯᠢᠶᠡᠬᠦ ᠪᠠᠷ ᠮᠡᠳᠡᠭᠦᠯᠬᠦ ᠦᠨ᠎ᠡ ᠪᠣᠯᠤᠨ᠎ᠠ᠃ ᠬᠢᠷᠢ ᠬᠡᠮ ᠤᠨ ᠨᠥᠬᠦᠴᠡᠯ ᠳᠤ ᠬᠢᠨᠠᠨ ᠪᠠᠶᠢᠴᠠᠭᠠᠯᠲᠠ ᠪᠠᠷ ᠳᠠᠮᠵᠢᠭᠠᠳ ᠨᠡᠶᠢᠴᠡᠭᠰᠡᠨ ᠤ ᠲᠠᠷᠠᠭ᠎ᠠ᠂ ᠬᠦᠴᠦᠨ ᠪᠦᠬᠦᠢ ᠮᠡᠳᠡᠭᠦᠯᠬᠦ ᠦᠨ᠎ᠡ ᠶᠢ ᠲᠣᠭᠲᠠᠭᠠᠵᠤ ᠨᠠᠭᠠᠳᠤ ᠵᠠᠬ᠎ᠠ ᠶᠢᠨ ᠮᠡᠳᠡᠭᠦᠯᠬᠦ ᠦᠨ᠎ᠡ ᠶᠢ ᠲᠤᠰᠢᠶᠠᠭᠰᠠᠨ ᠬᠠᠩᠭᠠᠭᠴᠢ ᠬᠤᠳᠠᠯᠳᠤᠭᠠᠴᠢᠨ ᠢ ᠳᠠᠭᠠᠭᠠᠴᠢᠯᠠᠯᠲᠠ ᠣᠯᠤᠭᠴᠢ ᠪᠠᠷ ᠲᠣᠭᠲᠠᠨ᠎ᠠ᠃ ᠡᠭᠦᠨ ᠤ ᠬᠠᠮᠲᠤ 2 ᠵᠢᠴᠢ 2᠎ ᠠᠴᠠ ᠳᠡᠭᠡᠭᠰᠢ ᠨᠢᠭᠡᠴᠢ ᠶᠢᠨ ᠬᠠᠮᠤᠭ ᠤᠨ ᠳᠤᠤᠷ᠎ᠠ ᠮᠡᠳᠡᠭᠦᠯᠬᠦ ᠦᠨ᠎ᠡ ᠨᠢ ᠠᠳᠠᠯᠢ ᠪᠠᠶᠢᠪᠠᠯ᠂ ᠲᠤᠬᠠᠶ ᠶᠢᠨ ᠲᠠᠯᠠᠪᠤᠷ ᠲᠤ ᠰᠢᠪᠠᠭ᠎ᠠ ᠰᠤᠭᠤᠯᠵᠤ ᠲᠣᠭᠲᠠᠭᠠᠨ᠎ᠠ᠃ ︵ᠭᠤᠷᠪᠠ︶ ᠮᠡᠳᠡᠭᠦᠯᠦᠭᠰᠡᠨ ᠦᠨ᠎ᠡ ᠳᠤ ᠠᠮᠵᠢᠯᠲᠠ ᠪᠦᠲᠦᠮᠵᠢ ᠶᠢ ᠦᠨᠡᠯᠡᠬᠦ ᠦᠢᠯᠡᠴᠢᠯᠡᠭᠡ ᠵᠢᠴᠢ ᠠᠮᠵᠢᠯᠲᠠ ᠪᠦᠲᠦᠮᠵᠢ ᠶᠢ ᠦᠨᠡᠯᠡᠬᠦ ᠲᠠᠢ ᠬᠤᠯᠪᠣᠭᠳᠠᠬᠤ ᠭᠠᠶᠢᠯᠢ ᠶᠢᠨ ᠮᠥᠩᠭᠦ ᠵᠢᠴᠢ ᠪᠦᠬᠦ ᠵᠠᠷᠤᠳᠠᠯ ᠢ ᠪᠠᠭᠲᠠᠭᠠᠵᠤ᠂ ᠡᠭᠦᠨ ᠳᠤ ᠬᠥᠮᠦᠨ ᠤ ᠬᠦᠴᠦᠨ ᠤ ᠵᠠᠷᠤᠳᠠᠯ᠂ ᠬᠤᠳᠠ ᠶᠢᠨ ᠳᠣᠲᠣᠷᠠᠬᠢ ᠵᠠᠮ ᠬᠠᠷᠢᠯᠴᠠᠭᠠᠨ ᠤ ᠵᠠᠷᠤᠳᠠᠯ᠂ ᠬᠤᠭᠤᠯᠠᠨ ᠤ ᠨᠥᠬᠦᠪᠥᠷᠢ᠂ ᠮᠡᠳᠡᠭᠡ ᠬᠤᠯᠪᠣᠭᠠᠨ ᠤ ᠵᠠᠷᠤᠳᠠᠯ᠂ ᠬᠤᠯᠪᠣᠭᠳᠠᠯ ᠪᠦᠬᠦᠢ ᠭᠠᠶᠢᠯᠢ ᠰᠦᠢᠳᠬᠡᠯ ᠵᠢᠴᠢ ᠲᠤᠬᠠᠢ ᠶᠢᠨ ᠲᠠᠯᠠᠪᠤᠷ ᠤᠨ ᠦᠨᠡᠯᠡᠯᠲᠡ ᠠᠴᠠ ᠪᠤᠢ ᠪᠣᠯᠤᠭᠰᠠᠨ ᠬᠤᠨᠤᠭ ᠤᠨ ᠵᠠᠷᠤᠳᠠᠯ᠂ ᠵᠠᠮ ᠬᠠᠷᠢᠯᠴᠠᠭᠠᠨ ᠤ ᠵᠠᠷᠤᠳᠠᠯ ᠵᠡᠷᠭᠡ ᠪᠠᠭᠲᠠᠨ᠎ᠠ᠂ ᠪᠠᠰᠠ ᠭᠡᠷ᠎ᠡ ᠳᠣᠲᠣᠷ᠎ᠠ ᠭᠠᠷᠴᠤ ᠮᠡᠳᠡᠬᠦ ᠲᠥᠯᠥᠪᠦᠷᠢ ᠨᠡᠬᠡᠬᠦ ᠪᠠ ᠬᠤᠪᠢᠷᠠᠭᠤᠯᠬᠤ ᠶᠢ ᠪᠣᠳᠣᠯᠬᠢᠯᠠᠬᠤ ᠬᠡᠷᠡᠭᠲᠡᠢ᠃ ︵ᠳᠥᠷᠪᠡ︶ ᠦᠨ᠎ᠡ ᠮᠡᠳᠡᠭᠦᠯᠬᠦ ᠬᠡᠯᠪᠡᠷᠢ᠄ ᠦᠨ᠎ᠡ ᠮᠡᠳᠡᠭᠦᠯᠬᠦ ᠬᠢᠵᠠᠭᠠᠷ ᠬᠤᠭᠤᠴᠠᠭ᠎ᠠ ᠠᠴᠠ ᠡᠮᠦᠨ᠎ᠡ ᠦᠨ᠎ᠡ ᠯᠠᠪᠯᠠᠬᠤ ᠱᠠᠭᠠᠷᠳᠠᠯᠭ᠎ᠠ ᠶᠣᠰᠣᠭᠠᠷ ᠦᠨ᠎ᠡ ᠮᠡᠳᠡᠭᠦᠯᠬᠦ ᠬᠦᠰᠦᠨᠦᠭᠲᠦ ᠶᠢᠨ ᠪᠢᠲᠡᠭᠦᠮᠵᠢᠯᠡᠬᠦ ᠬᠢᠭᠡᠳ ᠬᠢᠷᠢ ᠬᠡᠮ ᠢ ᠭᠡᠷᠡᠴᠢᠯᠡᠬᠦ ᠪᠢᠴᠢᠭ ᠮᠠᠲ᠋ᠧᠷᠢᠶᠠᠯ ᠢ ᠬᠠᠮᠲᠤ ᠳᠤᠨᠢ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ 408 ᠥᠷᠥᠭᠡ ᠳᠤ ᠬᠦᠷᠭᠡᠵᠦ ᠪᠣᠯᠤᠨ᠎ᠠ᠂ ᠪᠠᠰᠠ ᠵᠢᠭᠠᠨ ᠲᠣᠭᠲᠠᠭᠠᠭᠰᠠᠨ ᠰᠢᠤᠳᠠᠨ ᠤ ᠬᠠᠶᠢᠷᠴᠠᠭ ᠲᠤ ᠢᠯᠡᠭᠡᠵᠦ ᠡᠯᠧᠺᠲᠷᠣᠨ ᠢᠶᠠᠷ ᠦᠨ᠎ᠡ ᠪᠠᠨ ᠮᠡᠳᠡᠭᠦᠯᠵᠦ ᠪᠣᠯᠤᠨ᠎ᠠ ︵ᠬᠠᠷᠢᠭᠤ ᠦᠭᠬᠦ ᠳᠤ ᠦᠨ᠎ᠡ ᠮᠡᠳᠡᠭᠦᠯᠬᠦ ᠳᠡᠭᠡᠨ ᠳᠠᠭᠠᠯᠳᠤᠭᠤᠯᠤᠯ ᠤᠨ ᠬᠡᠯᠪᠡᠷᠢ ᠪᠠᠷ ᠬᠠᠩᠭᠠᠭᠴᠢ ᠬᠤᠳᠠᠯᠳᠤᠭᠠᠴᠢᠨ ᠤ ᠲᠠᠮᠠᠭ᠎ᠠ ᠳᠠᠷᠤᠭᠰᠠᠨ ᠬᠢᠷᠢ ᠬᠡᠮ ᠤᠨ ᠪᠢᠴᠢᠭ ᠮᠠᠲ᠋ᠧᠷᠢᠶᠠᠯ ᠢ ᠲᠤᠰᠢᠶᠠᠬᠤ ᠶᠢᠨ ᠬᠠᠮᠲᠤ ᠦᠢᠯᠡᠴᠢᠯᠡᠭᠡᠨ ᠤ ᠪᠣᠳᠠᠲᠠᠶ ᠪᠠᠷᠢᠮᠵᠢᠶ᠎ᠠ᠂ ᠠᠭᠤᠯᠭ᠎ᠠ᠂ ᠴᠠᠭ ᠬᠤᠭᠤᠴᠠᠭᠠᠨ ᠳᠤ ᠲᠠᠶᠢᠯᠪᠤᠷᠢ ᠬᠢᠨ᠎ᠠ︶᠃ ︵ᠲᠠᠪᠤ︶ ᠦᠨ᠎ᠡ ᠮᠡᠳᠡᠭᠦᠯᠬᠦ ᠰᠡᠭᠦᠯᠴᠢ ᠶᠢᠨ ᠴᠠᠭ᠄ 2021 ᠣᠨ ᠤ 10 ᠳ᠋ᠤᠭᠠᠷ ᠰᠠᠷ᠎ᠠ ᠶᠢᠨ 14᠎ ᠤ ᠡᠳᠦᠷ ᠤᠨ 12᠄ 00 ᠴᠠᠭ ᠬᠠᠷᠢᠯᠴᠠᠬᠤ ᠬᠥᠮᠦᠨ᠄ ᠯᠢᠦ ᠳ᠋ᠠᠨ ᠬᠠᠷᠢᠯᠴᠠᠬᠤ ᠤᠲᠠᠰᠤ᠄ 0483 - 8221518 ᠢᠮᠧᠯ᠄ azqczjjd @ 163 . com ᠳᠠᠭᠠᠯᠳᠤᠭᠤᠯᠤᠯ᠄ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠯᠠᠪᠯᠠᠬᠤ ᠬᠤᠳᠠᠯᠳᠤᠨ ᠠᠪᠬᠤ ᠦᠨ᠎ᠡ ᠮᠡᠳᠡᠭᠦᠯᠬᠦ ᠬᠦᠰᠦᠨᠦᠭᠲᠦ
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号