ᠪᠦᠬᠦ ᠠᠶᠢᠮᠠᠭ ᠤᠨ ᠡᠯ᠎ᠡ ᠦᠨᠳᠦᠰᠦᠲᠡᠨ ᠤ ᠠᠷᠠᠳ ᠲᠦᠮᠡᠨ ᠳᠤ ᠢᠯᠡᠭᠡᠭᠰᠡᠨ ᠵᠠᠬᠢᠳᠠᠯ | ᠡᠯ᠎ᠡ ᠦᠨᠳᠦᠰᠦᠲᠡᠨ ᠨᠦᠭᠦᠳ ᠤᠨ ᠠᠬ᠎ᠠ ᠳᠡᠭᠦᠦ ᠨᠡᠷ᠄ | ᠠᠯᠠᠱᠠ ᠪᠣᠯ ᠪᠢᠳ᠋ᠨ ᠪᠦᠭᠦᠨ ᠤ ᠤᠷᠤᠰᠢᠨ ᠠᠮᠢᠳᠤᠷᠠᠵᠤ ᠪᠠᠶᠢᠭ᠎ᠠ ᠰᠠᠶᠢᠨ ᠰᠠᠶᠢᠬᠠᠨ ᠭᠡᠷ ᠣᠷᠣᠨ ᠮᠥᠨ᠂ | ᠦᠨᠳᠦᠰᠦᠲᠡᠨ ᠨᠦᠭᠦᠳ ᠪᠦᠯᠬᠦᠮᠳᠡᠯ ᠲᠠᠢ᠂ ᠨᠥᠬᠦᠷᠰᠡᠭ᠂ ᠡᠶ᠎ᠡ ᠨᠠᠶᠢᠷᠲᠠᠢ ᠪᠠᠷ ᠬᠠᠮᠳᠤᠪᠡᠷ ᠣᠷᠣᠰᠢᠬᠤ ᠪᠣᠯ | ᠠᠯᠠᠱᠠ ᠶᠢᠨ ᠥᠨᠢ ᠤᠳᠠᠭᠠᠨ ᠲᠡᠦᠬᠡ ᠲᠠᠢ ᠰᠢᠯᠢᠳᠡᠭ ᠤᠯᠠᠮᠵᠢᠯᠠᠯ ᠮᠥᠨ᠂ ᠠᠯᠠᠱᠠ ᠠᠶᠢᠮᠠᠭ ᠢ ︽ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ︾ ᠪᠣᠯᠭᠠᠨ ᠪᠦᠳᠦᠭᠡᠨ | ᠪᠠᠶᠢᠭᠤᠯᠬᠤ ᠪᠣᠯ ᠪᠢᠳᠡᠨ ᠤ ᠬᠠᠮᠲᠤ ᠶᠢᠨ ᠬᠦᠰᠡᠯ ᠮᠥᠨ᠃ | ᠠᠯᠠᠱᠠ ᠠᠶᠢᠮᠠᠭ 2017 ᠣᠨ ᠳᠤ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠠᠶᠢᠮᠠᠭ︾ ᠢ ᠡᠭᠦᠳᠦᠨ ᠪᠠᠶᠢᠭᠤᠯᠬᠤ ᠰᠠᠨᠠᠭᠤᠯᠭ᠎ᠠ ᠶᠢ ᠳᠤᠷᠠᠳᠴᠤ᠂ 2018 ᠣᠨ ᠳᠤ ᠠᠵᠢᠯ | ᠢᠶᠠᠨ ᠵᠢᠩᠬᠢᠨᠢ ᠪᠠᠷ ᠡᠬᠢᠯᠡᠭᠦᠯᠪᠡ᠃ ᠣᠶᠢᠷ᠎ᠠ ᠶᠢᠨ ᠵᠢᠯ ᠤᠳ ᠲᠤ᠂ ᠪᠢᠳᠡ ᠦᠨᠳᠦᠰᠦᠲᠡᠨ ᠨᠦᠭᠦᠳ ᠤᠨ ︽ | ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠭᠤᠤᠯ ᠰᠡᠳᠦᠪ ᠢ ᠪᠠᠲᠤ ᠡᠵᠡᠮᠳᠡᠵᠦ᠂ | ᠨᠠᠮ ᠤᠨ ᠪᠠᠶᠢᠭᠤᠯᠤᠯᠲᠠ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠬᠥᠲᠥᠯᠥᠨ | ᠳᠠᠭᠠᠭᠤᠯᠵᠤ᠂ ︽ᠨᠠᠢᠮᠠᠨ ᠲᠠᠯ᠎ᠠ ᠪᠠᠷ ᠳᠠᠪᠰᠢᠬᠤ︾ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ︽ᠨᠠᠮ ᠤᠨ ᠪᠠᠶᠢᠭᠤᠯᠤᠯᠲᠠ +︾ ᠢᠨᠵᠧᠨᠧᠷᠢᠩ ᠢ ᠰᠢᠨ᠎ᠡ ᠪᠠᠷ ᠡᠭᠦᠳᠦᠨ ᠪᠠᠶᠢᠭᠤᠯᠵᠦ | ᠬᠡᠷᠡᠭᠵᠢᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠭᠤᠷᠪᠠᠨ | ᠰᠠᠯᠵᠤ ᠪᠣᠯᠤᠰᠢ ᠥᠬᠡᠶ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ︽ᠲᠠᠪᠤᠨ ᠬᠠᠮᠲᠤ ᠶᠢᠨ ᠲᠠᠨᠢᠯᠲᠠ︾ | ᠶᠢ ᠲᠠᠰᠤᠷᠠᠯᠲᠠ ᠥᠬᠡᠶ ᠴᠢᠩᠭᠠᠷᠠᠭᠤᠯᠵᠤ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠡᠶ᠎ᠡ | ᠵᠣᠬᠢᠴᠠᠯ ᠲᠣᠭᠲᠠᠭᠤᠨ ᠪᠠᠶᠢᠳᠠᠯ᠂ ᠣᠯᠠᠨ ᠲᠦᠮᠡᠨ ᠤ ᠠᠮᠤᠷ ᠲᠠᠶᠢᠪᠤᠩ ᠠᠵᠤ ᠲᠦᠷᠦᠭᠦ ᠳᠤ ᠪᠠᠲᠤ ᠴᠢᠩᠭ᠎ᠠ | ᠪᠠᠲᠤᠯᠠᠭ᠎ᠠ ᠬᠠᠩᠭᠠᠪᠠ᠃ ᠣᠳᠣᠬᠠᠨ ᠳᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠠᠶᠢᠮᠠᠭ︾ ᠢ ᠡᠭᠦᠳᠦᠨ ᠪᠠᠶᠢᠭᠤᠯᠬᠤ ᠠᠵᠢᠯ ᠨᠢᠭᠡᠨᠲᠡ ᠰᠢᠢᠳᠪᠦᠷᠢᠲᠦ ᠱᠠᠲᠤᠨ ᠳᠤ ᠣᠷᠣᠪᠠ᠂ | ᠠᠳᠡ ᠪᠢᠳᠡ ᠳᠠᠷᠠᠭᠠᠬᠢ ᠭᠡᠳᠦᠨ ᠤᠴᠢᠷ ᠶᠠᠪᠤᠳᠠᠯ ᠢ ᠤᠷᠢᠶᠠᠯᠠᠵᠦ ᠪᠠᠶᠢᠨ᠎ᠠ᠄ | ᠨᠢᠭᠡ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠰᠠᠨᠠᠭᠠᠴᠢᠯᠠᠭᠴᠢ ᠪᠣᠯᠬᠤ ᠪᠠᠷ ᠴᠢᠷᠮᠠᠶᠢᠵᠠᠭᠠᠶ᠎ᠠ᠃ ᠪᠦᠬᠦ | ᠠᠶᠢᠮᠠᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ | ᠳᠡᠭᠡᠭᠰᠢᠯᠡᠭᠦᠯᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠰᠤᠷᠤᠯᠴᠠᠨ | ᠲᠤᠭᠤᠰᠢᠯᠠᠭᠤᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷ | ᠥᠷᠨᠢᠭᠦᠯᠵᠦ᠂ ᠬᠥᠮᠦᠨ ᠪᠦᠬᠦᠨ ᠦᠨᠳᠦᠰᠦᠲᠡᠨ ᠤ ᠪᠦᠯᠬᠦᠮᠳᠡᠯ ᠢ ᠡᠷᠬᠢᠮᠯᠡᠬᠦ ᠶᠠᠷᠢᠶ᠎ᠠ ᠬᠡᠯᠡᠯᠴᠡᠭᠡᠨ ᠤ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠶ᠃ ᠬᠥᠮᠦᠨ ᠪᠦᠬᠦᠨ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠤᠨ | ᠨᠡᠶᠢᠭᠡᠮ ᠤᠨ ᠣᠷᠴᠢᠨ ᠲᠣᠭᠤᠷᠢᠨ ᠢ ᠬᠠᠮᠠᠭᠠᠯᠠᠨ᠎ᠠ᠃ | ᠬᠤᠶᠠᠷ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠢ | ᠃ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠵᠣᠭᠰᠣᠯᠲᠠ ᠪᠠᠨ ᠪᠠᠲᠤᠳᠬᠠᠨ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠨᠢᠭᠡᠳᠬᠡᠵᠦ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠠᠶᠢᠮᠠᠭ︾ ᠢ ᠡᠭᠦᠳᠦᠨ ᠪᠠᠶᠢᠭᠤᠯᠬᠤ ᠠᠵᠢᠯᠯᠠᠭ᠎ᠠ ᠳᠤ ᠣᠷᠣᠯᠴᠠᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠡᠯ᠎ᠡ ᠲᠥᠷᠥᠯ ᠤᠨ ᠠᠵᠢᠯᠯᠠᠭ᠎ᠠ ᠶᠢ ᠢᠳᠡᠪᠬᠢᠲᠡᠶ ᠬᠠᠮᠵᠢᠯᠴᠠᠨ | ᠥᠷᠨᠢᠭᠦᠯᠵᠦ᠂ ᠥᠪᠡᠷ ᠠᠴᠠ ᠪᠠᠨ ᠡᠬᠢᠯᠡᠨ ᠬᠢᠵᠦ᠂ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠵᠦ᠂ | ᠦᠨᠳᠦᠰᠦᠲᠡᠨ ᠤ ᠪᠦᠯᠬᠦᠮᠳᠡᠯ ᠤᠨ ᠬᠤᠰᠢᠭᠤᠴᠢ ᠵᠢᠱᠢᠶᠡᠴᠢ ᠪᠣᠯᠬᠤ ᠪᠠᠷ ᠴᠢᠷᠮᠠᠶᠢᠵᠤ᠂ ᠦᠨᠳᠦᠰᠦᠲᠡᠨ ᠤ | ᠪᠦᠯᠬᠦᠮᠳᠡᠯ ᠢ ᠬᠠᠮᠲᠤ ᠪᠠᠷ ᠠᠬᠢᠭᠤᠯᠵᠤ᠂ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ | ᠬᠡᠷᠡᠭᠲᠡᠶ᠃ | ᠭᠤᠷᠪᠠ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠤᠯᠠᠮᠵᠢᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ | ᠪᠢᠳᠡ ᠲᠤᠰ ᠪᠡᠶ᠎ᠡ ᠶᠢᠨ ᠢᠳᠡᠪᠬᠢ ᠬᠦᠴᠦᠨ ᠢᠶᠠᠷ ᠳᠡᠷᠭᠡᠳᠡᠬᠢ ᠦᠨᠳᠦᠰᠦᠲᠡᠨ ᠨᠦᠭᠦᠳ ᠤᠨ ᠠᠬ᠎ᠠ ᠳᠡᠭᠦᠦ ᠨᠡᠷ ᠲᠠᠢ | ᠬᠠᠮᠲᠤ ᠪᠠᠷ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠢ ᠬᠠᠮᠠᠭᠠᠯᠠᠵᠤ᠂ ᠪᠦᠬᠦ ᠨᠡᠶᠢᠭᠡᠮ ᠳᠤ | ᠦᠨᠳᠦᠰᠦᠲᠡᠨ ᠤ ᠪᠦᠯᠬᠦᠮᠳᠡᠯ ᠤᠨ ᠰᠠᠶᠢᠨ ᠳᠠᠭᠤᠨ ᠬᠤᠭᠤᠯᠠᠢ ᠪᠣᠯᠤᠨ ᠢᠳᠡᠪᠬᠢ ᠬᠦᠴᠦᠨ ᠢ ᠢᠳᠡᠪᠬᠢᠲᠡᠢ | ᠳᠠᠮᠵᠢᠭᠤᠯᠵᠤ᠂ ᠬᠠᠶᠢᠷ᠎ᠠ ᠬᠠᠯᠠᠮᠵᠢ ᠶᠢ ᠳᠠᠮᠵᠢᠭᠤᠯᠬᠤ ᠬᠡᠷᠡᠭᠲᠡᠢ᠃ | ᠪᠢᠳᠡ ᠭᠠᠷ ᠬᠤᠯᠪᠣᠯᠴᠠᠨ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠠᠶᠢᠮᠠᠭ︾ ᠢ ᠡᠭᠦᠳᠦᠨ ᠪᠠᠶᠢᠭᠤᠯᠬᠤ ᠠᠭᠤᠤ ᠶᠡᠭᠡ ᠦᠢᠯᠡᠳᠦᠯᠭᠡ ᠶᠢᠨ ᠳᠤᠮᠳᠠ ᠢᠳᠡᠪᠬᠢᠲᠡᠢ | ᠣᠷᠣᠯᠴᠠᠵᠤ᠂ ᠲᠠ ᠪᠢᠳᠡᠨ ᠤ ᠴᠢᠷᠮᠠᠶᠢᠯᠭ᠎ᠠ ᠪᠠ ᠦᠢᠯᠡ ᠠᠵᠢᠯᠯᠠᠭ᠎ᠠ ᠪᠠᠷ ᠢᠶᠠᠨ ᠪᠢᠳᠡᠨ ᠤ ᠬᠠᠮᠲᠤ ᠶᠢᠨ ᠢᠷᠠᠭᠤ | ᠠᠯᠳᠠᠷ ᠤᠨ ᠲᠥᠯᠥᠭᠡ ᠲᠡᠮᠡᠴᠡᠵᠡᠭᠡᠶ᠎ᠡ︕ ᠪᠢᠳᠡ ᠪᠦᠬᠦᠨ ᠤ ᠴᠢᠩ ᠦᠨᠡᠨᠴᠢ ᠬᠠᠯᠠᠭᠤᠨ ᠰᠡᠳᠬᠢᠯᠭᠡ ᠪᠠᠷ ︽ | ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠭᠰᠡᠨ︾ ᠲᠠᠩᠰᠤᠭ ᠰᠠᠶᠢᠬᠠᠨ ᠠᠯᠠᠱᠠ ᠶᠢ | ᠴᠣᠭᠴᠠᠯᠠᠨ ᠪᠠᠶᠢᠭᠤᠯᠤᠶ᠎ᠠ︕ | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |