ᠬᠠᠯᠲᠠᠷ ᠨᠠᠭᠤᠷ
ᠨᠡᠶᠢᠲᠡᠯᠡᠭᠰᠡᠨ ᠴᠠᠭ᠄
2021/10/13
   ᠥᠪᠥᠷ ᠮᠣᠩᠭᠤᠯ ᠤᠨ ᠬᠠᠯᠳᠠᠷ ᠨᠠᠭᠤᠷ ᠤᠨ ᠡᠯᠡᠰᠦᠨ ᠴᠦᠯ ᠤᠨ ᠠᠮᠢ ᠠᠬᠤᠢ ᠶᠢᠨ ᠵᠤᠭᠠᠴᠠᠯ ᠤᠨ ᠣᠷᠣᠨ ᠪᠣᠯ ᠠᠯᠠᠱᠠ ᠵᠡᠭᠦᠨ ᠬᠤᠰᠢᠭᠤᠨ ᠤ ᠲᠩᠷᠢ ᠡᠯᠡᠰᠦᠨ ᠳᠤ ᠪᠠᠶᠢᠷᠢᠯᠠᠵᠤ᠂ ᠤᠯᠤᠰ ᠤᠨ ᠳᠣᠲᠣᠭᠠᠳᠤ ᠳᠠᠬᠢ ᠲᠥᠪ ᠬᠤᠳᠠ ᠎ ᠠᠴᠠ ᠬᠠᠮᠤᠭ ᠤᠨ  ᠣᠶᠢᠷᠠᠬᠠᠨ ᠦᠨᠳᠦᠷ ᠲᠡᠰ ᠤᠨ ᠡᠯᠡᠰᠦᠨ ᠴᠦᠯ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠪᠠᠶᠢᠵᠤ᠂ ᠪᠦᠬᠦ ᠲᠡᠯᠡᠬᠡᠢ ᠶᠢᠨ ᠬᠠᠮᠤᠭ ᠤᠨ ᠶᠡᠭᠡ ᠨᠥᠯᠥᠭᠡᠯᠡᠬᠦ ᠬᠦᠴᠦᠨ ᠲᠠᠢ ᠡᠯᠡᠰᠦᠨ ᠴᠦᠯ ᠤᠨ ᠵᠤᠭᠠᠴᠠᠯ ᠤᠨ ᠪᠡᠶᠡᠴᠢᠯᠡᠨ ᠣᠶᠢᠯᠠᠭᠠᠬᠤ ᠭᠠᠵᠠᠷ ᠤᠨ ᠨᠢᠭᠡ ᠪᠣᠯᠤᠨ᠎ᠠ᠃ ᠦᠵᠡᠮᠵᠢ ᠶᠢᠨ ᠣᠷᠣᠨ ᠢ ᠬᠤᠷᠠᠯ ᠤᠨ ᠲᠢᠩᠬᠢᠮ ᠦᠵᠡᠭᠦᠯᠦᠯᠭᠡ ᠶᠢᠨ ᠬᠠᠦ᠋ᠰ ᠤᠨ ᠬᠡᠰᠡᠭ᠂ ᠠᠮᠢ ᠠᠬᠤᠶ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠭᠡᠰᠡᠭ᠂  ᠣᠷᠣᠨ ᠨᠤᠲᠤᠭ ᠤᠨ ᠵᠠᠩ ᠦᠶᠯᠡ ᠶᠢᠨ ᠬᠡᠰᠡᠭ᠂ ᠨᠠᠭᠤᠷ ᠤᠨ ᠬᠥᠪᠡᠭᠡᠨ ᠳᠠᠬᠢ ᠰᠡᠯᠡᠭᠦᠴᠡᠯ ᠤᠨ ᠬᠡᠰᠡᠭ᠂ ᠡᠯᠡᠰᠦ ᠮᠠᠩᠬ᠎ᠠ ᠶᠢ ᠭᠦᠨᠵᠡᠭᠡᠶ ᠣᠶᠢᠯᠠᠭᠠᠬᠤ ᠬᠡᠰᠡᠭ ᠭᠡᠵᠦ ᠬᠤᠪᠢᠶᠠᠳᠠᠭ᠃ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠰᠣᠶᠣᠯ᠂ ᠡᠯᠡᠰᠦᠨ ᠴᠥᠯ ᠤᠨ ᠥᠩᠭᠡ ᠦᠵᠡᠮᠵᠢ᠂ ᠭᠤᠪᠢ ᠶᠢᠨ ᠴᠤᠭ ᠵᠢᠪᠬᠤᠭ᠎ᠠ᠂ ᠠᠮᠢ ᠠᠬᠤᠶ ᠶᠢᠨ ᠨᠠᠭᠤᠷ ᠴᠥᠭᠦᠷᠥᠮ ᠪᠠ ᠲᠥᠪᠡᠳ ᠤᠨ ᠪᠤᠳ᠋ᠳ᠋ᠾᠠ ᠶᠢᠨ ᠱᠠᠰᠢᠨ ᠢ ᠨᠢᠭᠡ ᠴᠣᠭᠴᠠᠵᠢᠭᠤᠯᠣᠭᠰᠠᠨ᠂ ︽ᠡᠯᠡᠰᠦᠨ ᠴᠥᠯ ᠤᠨ ᠭᠦᠨ ᠳᠠᠬᠢ  ᠱᠠᠮᠪᠠᠯ︾ ᠬᠡᠮᠡᠭᠳᠡᠭᠰᠡᠨ ᠪᠠᠶᠢᠨ᠎ᠠ᠃ ᠬᠠᠯᠳᠠᠷ ᠨᠠᠭᠤᠷ ᠨᠢ ︽ᠪᠠᠶᠢᠭᠠᠯᠢ ᠯᠤᠭ᠎ᠠ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ︾ ᠠᠵᠤ ᠠᠬᠤᠶᠢᠯᠠᠯ ᠤᠨ ᠵᠣᠷᠢᠯᠲᠠ ᠶᠢ ᠪᠠᠷᠢᠮᠲᠠᠯᠠᠵᠤ᠂ ︽ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠪᠣᠯᠤᠨ ᠠᠮᠢ ᠠᠬᠤᠢ ᠶᠢᠨ ᠬᠠᠮᠠᠭᠠᠯᠠᠯᠲᠠ᠂ ᠠᠮᠢ ᠠᠬᠤᠢ ᠶᠢᠨ ᠬᠥᠮᠦᠵᠢᠯ ᠢ ᠤᠶᠠᠯᠳᠤᠭᠤᠯᠬᠤ︾ ᠦᠷᠭᠦᠯᠵᠢᠯᠡᠬᠦ ᠬᠥᠭᠵᠢᠯᠲᠡ ᠶᠢᠨ ᠵᠠᠭᠪᠤᠷ ᠢ ᠰᠠᠨᠠᠭᠠᠴᠢᠯᠠᠵᠤ᠂ ᠬᠥᠮᠦᠨ ᠪᠣᠯᠤᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠡᠷᠡᠭᠦᠯ ᠬᠥᠭᠵᠢᠯᠲᠡ ᠶᠢᠨ ᠣᠷᠴᠢᠨ ᠲᠣᠭᠤᠷᠢᠨ ᠢ ᠪᠠᠶᠢᠭᠤᠯᠵᠤ᠂ ᠤᠳᠤ ᠦᠶ᠎ᠡ ᠶᠢᠨ ᠬᠤᠳᠠ ᠶᠢᠨ ᠬᠥᠮᠦᠰ ᠤᠨ ᠪᠠᠶᠢᠭᠠᠯᠢᠯᠢᠭ ᠠᠮᠢ ᠠᠬᠤᠢ᠂ ᠠᠮᠢ ᠨᠠᠰᠤ᠂ ᠤᠶᠤᠨ ᠰᠠᠨᠠᠭᠠᠨ ᠤ ᠪᠢᠰᠢᠯᠭᠠᠯ ᠢ ᠣᠶᠢᠯᠠᠭᠠᠬᠤ ᠠᠷᠢᠭᠤᠨ ᠲᠡᠭᠡᠲᠣ ᠶᠢᠨ ᠣᠷᠣᠨ ᠪᠣᠯᠤᠭᠰᠠᠨ ᠪᠠᠶᠢᠨ᠎ᠠ᠃ ᠲᠩᠷᠢ ᠡᠯᠡᠰᠦᠨ ᠴᠦᠯ ᠳᠤ ᠪᠠᠶᠢᠷᠢᠯᠠᠵᠣ ᠪᠠᠶᠢᠭ᠎ᠠ ᠦᠵᠡᠰᠬᠦᠯᠡᠩᠲᠦ ᠰᠠᠶᠢᠬᠠᠨ ᠬᠠᠯᠳᠠᠷ ᠨᠠᠭᠤᠷ ᠡᠯᠡᠰᠦᠨ ᠴᠦᠯ ᠤᠨ ᠠᠮᠠᠷᠠᠯᠲᠠ ᠶᠢᠨ ᠪᠠᠭᠤᠳᠠᠯ ᠪᠣᠯ ᠳᠤᠮᠳᠠᠳᠤ ᠤᠯᠤᠰ ᠤᠨ ᠬᠦᠳᠡᠭᠡ ᠬᠡᠭᠡᠷ᠎ᠡ ᠳᠤ ᠪᠠᠶᠢᠭᠤᠯᠣᠭᠰᠠᠨ ᠦᠨᠳᠦᠷ ᠵᠡᠷᠭᠡᠯᠡᠯ ᠤᠨ ᠪᠠᠭᠤᠳᠠᠯ ᠤᠨ ᠡᠭᠦᠳᠦᠨ ᠨᠡᠭᠡᠭᠡᠭᠴᠢ ᠪᠠ ᠬᠠᠶᠢᠨ ᠰᠢᠨᠵᠢᠯᠡᠭᠴᠢ ᠪᠣᠯᠤᠨ᠎ᠠ᠃ ᠤᠷᠢᠳ ᠬᠤᠵᠢᠳ ᠳᠤᠮᠳᠠᠳᠤ ᠤᠯᠤᠰ ᠤᠨ ᠬᠠᠮᠤᠭ ᠤᠨ ᠰᠠᠶᠢᠬᠠᠨ ᠪᠠᠶᠢᠭᠠᠯᠢᠯᠢᠭ ᠠᠮᠠᠷᠠᠯᠲᠠ ᠶᠢᠨ ᠵᠢᠭᠤᠯᠴᠢᠯᠠᠯ ᠤᠨ ᠪᠠᠭᠤᠳᠠᠯ᠂ ᠳᠤᠮᠳᠠᠳᠤ ᠤᠯᠤᠰ ᠤᠨ ᠬᠠᠮᠤᠭ ᠤᠨ ᠭᠤᠶᠣ ᠠᠮᠠᠷᠠᠯᠲᠠ ᠶᠢᠨ ᠪᠠᠭᠤᠳᠠᠯ᠂ ᠳᠤᠮᠳᠠᠳᠤ ᠤᠯᠤᠰ ᠤᠨ ᠠᠷᠪᠠᠨ ᠰᠣᠨᠢᠷᠬᠠᠯ ᠤᠨ ᠬᠦᠴᠦᠨ ᠲᠠᠢ ᠪᠠᠭᠤᠳᠠᠯ ᠵᠡᠷᠭᠡ ᠢᠷᠠᠭᠤ ᠠᠯᠳᠠᠷ ᠢ ᠭᠥᠷᠳᠡᠪᠡ᠃    ᠬᠠᠯᠳᠠᠷ ᠨᠠᠭᠤᠷ ᠨᠢ ᠳᠦᠷᠪᠡᠨ ᠣᠯᠠᠷᠢᠯ ᠳᠤ ᠪᠠᠨ ᠪᠦᠷ ᠦᠵᠡᠮᠵᠢ ᠲᠠᠢ᠂ ᠦᠶᠯᠡᠴᠢᠯᠡᠭᠡ ᠎ ᠶᠢᠨ ᠥᠪᠡᠷᠮᠢᠴᠡ ᠣᠨᠴᠠᠯᠢᠭ ᠪᠠ ᠵᠠᠬᠢᠶᠠᠯᠠᠭ᠎ᠠ ᠎ ᠶᠢᠨ ᠣᠨᠴᠠᠯᠢᠭ ᠢᠶᠠᠷ ᠢᠶᠠᠨ ᠳᠡᠭᠡᠳᠦ ᠲᠠᠰ ᠤᠨ ᠬᠡᠷᠡᠭᠯᠡᠭᠴᠢᠳ ᠤᠨ ᠳᠤᠮᠳᠠ ᠰᠠᠶᠢᠰᠢᠶᠠᠯ ᠢ ᠣᠯᠤᠭᠰᠠᠨ ᠪᠠᠶᠢᠨ᠎ᠠ᠃ ᠲᠡᠷᠡ ᠨᠢ ᠪᠠᠶᠢᠭᠠᠯᠢᠯᠢᠭ ᠠᠮᠢ ᠠᠬᠤᠢ ᠪᠠ ᠥᠪᠡᠷᠮᠢᠴᠡ ᠪᠦᠲᠦᠭᠡᠯᠴᠢ ᠴᠢᠨᠠᠷᠲᠠᠢ ᠨᠠᠢᠮᠠᠨ ᠶᠡᠭᠡ ᠲᠦᠷᠦᠯ ᠵᠦᠢᠯ ᠢ ᠬᠠᠮᠣᠷᠣᠭᠰᠠᠨ ᠪᠠᠶᠢᠨ᠎ᠠ᠄ 15 ᠺᠢᠯᠣᠮᠧᠲᠷ ᠤᠨ ᠮᠠᠰᠢᠨ ᠢᠶᠠᠷ ᠡᠯᠡᠰᠦᠨ ᠳᠤ ᠠᠶᠠᠯᠠᠬᠤ  ᠂ 3.5 ᠺᠢᠯᠣᠮᠧᠲᠷ ᠤᠨ ᠨᠢᠴᠦᠭᠦᠨ ᠬᠦᠯ ᠢᠶᠠᠷ ᠶᠠᠪᠠᠭᠠᠨ ᠶᠠᠪᠣᠬᠤ᠂ ᠡᠯᠡᠰᠦᠨ ᠴᠦᠯ ᠤᠨ  ᠪᠠᠶᠢᠭᠠᠯᠢᠯᠢᠭ ᠠᠮᠢ ᠠᠬᠤᠢ ᠶᠢᠨ ᠨᠠᠭᠤᠷ ᠴᠥᠭᠦᠷᠥᠮ ᠳᠤ ᠤᠮᠪᠠᠭ᠋ᠤ᠂ ᠨᠠᠭᠤᠷ ᠤᠨ ᠨᠠᠩᠭᠢ ᠰᠢᠷᠦᠢ ᠶᠢᠨ ᠵᠠᠰᠠᠯ᠂  ᠲᠡᠮᠡᠭᠡᠨ ᠬᠤᠩᠬᠤ᠂ ᠡᠯᠡᠰᠦᠨ ᠴᠦᠯ ᠳᠤ ᠵᠢᠷᠭᠠᠬᠤ ᠨᠠᠷᠠᠨ ᠤ ᠦᠵᠡᠮᠵᠢ ᠶᠢ ᠰᠣᠨᠢᠷᠬᠠᠬᠤ᠂ ᠤᠳᠤᠨ ᠮᠡᠴᠢᠳ ᠢ ᠰᠣᠨᠢᠷᠬᠠᠬᠤ᠂ ᠰᠠᠷᠠ  ᠬᠠᠷᠠᠬᠤ᠂ ᠰᠣᠯᠢᠷ ᠤᠳᠤ ᠬᠠᠷᠠᠬᠤ᠂ ᠡᠯᠡᠰᠦᠨ ᠴᠦᠯ ᠤᠨ ᠲᠦᠳᠡᠭ ᠭᠠᠯ ᠤᠨ ᠦᠳᠡᠰᠢᠯᠡᠭᠡ ᠵᠡᠷᠭᠡ ᠨᠢ ᠦᠨᠳᠦᠷ ᠵᠡᠷᠭᠡ ᠶᠢᠨ ᠠᠮᠢᠳᠤᠷᠠᠯ ᠢ ᠬᠥᠭᠡᠭᠡᠴᠡᠯᠳᠦᠳᠡᠭ ᠵᠤᠭᠠᠴᠠᠭᠰᠠᠳ ᠤᠨ ᠤᠶᠤᠨ ᠰᠠᠨᠠᠭ᠎ᠠ ᠪᠣᠯᠤᠨ ᠥᠩᠭᠡᠷᠡᠭᠡᠯᠲᠡ ᠶᠢᠨ ᠲᠠᠯ᠎ᠠ ᠪᠠᠷ ᠬᠢ ᠬᠥᠭᠡᠭᠡᠴᠡᠯᠳᠦᠯ ᠢ ᠬᠠᠩᠭᠠᠵᠠᠢ᠃ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠠᠵᠤ ᠠᠬᠤᠶᠢᠯᠠᠯ᠂ ᠳᠤᠮᠳᠠᠳᠤ ᠤᠯᠤᠰ ᠤᠨ ᠲᠡᠷᠢᠭᠦᠨ ᠲᠠᠰ ᠤᠨ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ EMBA ᠠᠵᠤ ᠠᠬᠤᠶᠢᠯᠠᠯᠲᠠᠳ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠰᠣᠳᠣᠨ ᠬᠥᠮᠦᠰ ᠵᠠᠯᠭᠠᠭ᠎ᠠ ᠵᠠᠯᠭᠠᠭ᠎ᠠ ᠪᠠᠷ ᠠᠳᠡ ᠢᠷᠡᠵᠦ ᠪᠡᠶ᠎ᠡ ᠪᠠᠷ ᠢᠶᠠᠨ ᠣᠶᠢᠯᠠᠭᠠᠨ ᠪᠠᠭ᠋ᠠᠷᠬᠠᠵᠣ ᠣᠯᠠᠨ ᠵᠦᠢᠯ ᠤᠨ ᠠᠵᠢᠯᠯᠠᠭ᠎ᠠ ᠦᠷᠨᠢᠭᠦᠯᠵᠣ ᠪᠣᠶ᠄ ᠳᠡᠭᠡᠳᠦ ᠲᠠᠰ ᠤᠨ ᠬᠤᠳᠠᠯᠳᠤᠭᠠᠨ ᠤ ᠶᠠᠪᠤᠳᠠᠯ ᠤᠨ ᠬᠤᠷᠠᠯ᠂ VIP ᠬᠡᠷᠡᠭᠯᠡᠭᠴᠢᠳ ᠎ ᠢ ᠲᠠᠯᠠᠷᠬᠠᠬᠤ ᠳᠠᠶᠢᠯᠠᠯᠭ᠎ᠠ᠂ ᠰᠡᠯᠡᠭᠦᠴᠡᠯ ᠠᠮᠠᠷᠠᠯᠲᠠ᠂ ᠰᠤᠳᠤᠯᠤᠨ ᠰᠤᠷᠤᠯᠴᠠᠵᠤ ᠳᠢᠶᠠᠨᠴᠢ ᠶᠢᠨ ᠪᠢᠰᠢᠯᠭᠠᠯ ᠬᠢᠬᠦ᠂ ᠣᠷᠣᠰᠬᠠᠯ ᠲᠠᠭᠠᠭᠰᠠᠨ ᠬᠤᠷᠢᠮ ᠤᠨ ᠶᠣᠰᠣᠯᠠᠯ᠂ ᠬᠡᠷ ᠪᠦᠯᠢ ᠶᠢᠨ ᠵᠢᠭᠤᠯᠴᠢᠯᠠᠯ᠂ ᠡᠯᠡᠰᠦᠨ ᠤ ᠬᠦᠨ ᠳᠤ ᠣᠷᠣᠬᠤ ᠵᠡᠷᠭᠡ ᠠᠵᠢᠯᠯᠠᠭ᠎ᠠ ᠶᠢ ᠥᠷᠨᠢᠭᠦᠯᠵᠦ ᠪᠣᠶ᠃    ᠬᠠᠯᠳᠠᠷ ᠨᠠᠭᠤᠷ ᠨᠢ ᠥᠪᠡᠷ ᠤᠨ ᠥᠪᠡᠷᠮᠢᠴᠡ ᠣᠨᠴᠠᠯᠢᠭ ᠢᠶᠠᠷ ᠢᠶᠠᠨ ᠤᠯᠤᠰ ᠤᠨ ᠳᠣᠲᠣᠭᠠᠳᠤ ᠭᠠᠳᠠᠭᠠᠳᠤ ᠶᠢᠨ ᠎ ᠬᠢᠨ ᠤ ᠠᠩᠬᠠᠷᠤᠯ ᠢ ᠥᠷᠭᠡᠨ ᠢᠶᠠᠷ ᠲᠠᠲᠠᠵᠤ᠂ ᠪᠥᠸᠧ ᠤᠣ᠂ ᠯᠢ ᠵᠢᠶᠠᠩ ᠤᠨ ᠳᠠᠷᠠᠭᠠᠬᠢ ᠪᠠᠰᠠ ᠨᠢᠭᠡᠨ ᠳᠡᠭᠡᠳᠦ ᠲᠠᠰ ᠤᠨ ᠰᠡᠯᠡᠭᠦᠴᠡᠨ ᠠᠮᠠᠷᠠᠬᠤ ᠬᠠᠯᠠᠭᠤᠨ ᠴᠡᠭ ᠤᠨ ᠵᠣᠷᠢᠭᠰᠠᠨ ᠭᠠᠵᠠᠷ ᠪᠣᠯᠤᠭᠰᠠᠨ ᠪᠠᠶᠢᠨ᠎ᠠ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号