ᠭᠠᠯᠵᠠᠭᠤ ᠡᠪᠡᠳᠴᠢᠨ
ᠨᠡᠶᠢᠲᠡᠯᠡᠭᠰᠡᠨ ᠴᠠᠭ᠄
2021/10/13
ᠠᠷᠢᠶᠠᠲᠠᠨ ᠠᠮᠢᠲᠠᠨ ᠂ ᠴᠢᠨ᠋ᠸ᠎ᠠ ᠂ ᠨᠣᠬᠠᠢ ᠳᠤ ᠬᠠᠵᠠᠭᠤᠯᠠᠭᠰᠠᠨ ᠠᠴᠠ ᠡᠭᠦᠰᠬᠦ ᠬᠠᠯᠳᠠᠪᠤᠷᠢᠲᠤ ᠡᠪᠡᠳᠴᠢᠨ ᠠᠴᠠ ᠬᠠᠮᠤᠭ ᠤᠨ ᠠᠶᠤᠯᠲᠠᠢ ᠨᠢ ᠭᠠᠯᠵᠠᠭᠤ ᠡᠪᠡᠳᠴᠢᠨ ᠶᠤᠮ ᠃ ᠠᠮᠢᠲᠠᠨ ᠤ ᠰᠢᠯᠦᠰᠦᠨ ᠳᠤ ᠪᠠᠶᠢᠭ᠎ᠠ ᠸᠢᠷᠦ᠋ᠰ ᠨᠢ ᠭᠡᠮᠲᠦᠭᠰᠡᠨ ᠠᠷᠠᠰᠤ ᠪᠠᠷ ᠳᠠᠮᠵᠢᠵᠤ ᠬᠠᠯᠳᠠᠪᠤᠷᠢ ᠡᠭᠦᠰᠬᠡᠳᠡᠭ ᠃ ᠠᠮᠢᠲᠠᠨ ᠳᠤ ᠬᠠᠵᠠᠭᠤᠯᠠᠭᠰᠠᠨ ᠰᠢᠷᠬ᠎ᠠ ᠶᠢ ᠪᠠᠭ᠎ᠠ ᠭᠡᠵᠦ ᠦᠯᠦ ᠲᠣᠭᠤᠮᠰᠠᠷᠯᠠᠵᠤ ᠪᠣᠯᠬᠤ ᠦᠭᠡᠢ ᠃ ᠠᠮᠢᠲᠠᠨ ᠳᠤ ᠬᠠᠵᠠᠭᠤᠯᠠᠭᠰᠠᠨ ᠬᠥᠮᠥᠨ ᠳᠤ ᠠᠩᠬᠠᠨ ᠤ ᠲᠤᠰᠠᠯᠠᠮᠵᠢ ᠦᠵᠡᠭᠦᠯᠬᠦ ᠳᠤ ᠪᠠᠨ ᠴᠢᠰᠤ ᠭᠤᠭᠤᠵᠢᠯᠲᠠ ᠶᠢ ᠵᠣᠭᠰᠣᠭᠠᠬᠤ ᠭᠡᠵᠦ ᠶᠠᠭᠠᠷᠠᠭᠰᠠᠨ ᠤ ᠬᠡᠷᠡᠭ ᠦᠭᠡᠢ ᠃ ᠤᠷᠢᠳᠴᠢᠯᠠᠨ ᠰᠡᠷᠭᠡᠶᠢᠯᠡᠯᠲᠡ ᠭᠠᠯᠵᠠᠭᠤ ᠡᠪᠡᠳᠴᠢᠲᠡᠶ ᠪᠣᠯᠣᠨ ᠰᠡᠵᠢᠭᠲᠡᠢ ᠵᠡᠷᠯᠢᠭ ᠪᠣᠯᠣᠨ ᠭᠡᠷ ᠤᠨ ᠲᠡᠵᠢᠭᠡᠮᠡᠯ ᠠᠮᠢᠲᠠᠨ ᠳᠤ ᠬᠠᠵᠠᠭᠤᠯᠬᠤ ᠦᠭᠡᠢ ᠪᠠᠶᠢᠬᠤ ᠭᠡᠷ ᠤᠨ ᠲᠡᠵᠢᠭᠡᠮᠡᠯ ᠨᠣᠬᠠᠢ ᠮᠤᠤᠷ ᠢ ᠭᠠᠯᠵᠠᠭᠤ ᠶᠢᠨ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠳᠤ ᠬᠠᠮᠤᠷᠤᠭᠤᠯᠬᠤ ᠬᠤᠷᠣᠬᠠᠢ ᠰᠢᠪᠠᠵᠢ ᠂ ᠮᠡᠷᠡᠭᠴᠢ ᠲᠡᠵᠢᠭᠡᠪᠦᠷᠢ ᠪᠣᠯᠣᠨ ᠵᠡᠷᠯᠢᠭ ᠠᠮᠢᠲᠠᠨ ᠳᠤ ᠬᠠᠵᠠᠭᠤᠯᠠᠭᠰᠠᠨ ᠰᠢᠷᠬ᠎ᠠ ᠶᠢ ᠠᠮᠠ ᠪᠠᠷ ᠢᠶᠠᠨ ᠪᠦᠦ ᠰᠣᠷ ᠠᠪᠬᠤ ᠠᠷᠭ᠎ᠠ ᠬᠡᠮᠵᠢᠶ᠎ᠡ ᠄  ᠬᠠᠵᠠᠭᠤᠯᠠᠭᠰᠠᠨ ᠲᠣᠬᠢᠶᠠᠯᠳᠤᠯ ᠭᠠᠷᠪᠠᠯ ᠲᠡᠷᠡ ᠳᠠᠷᠤᠢ ᠳᠤ ᠪᠠᠨ ᠰᠢᠷᠬ᠎ᠠ ᠶᠢ ᠴᠡᠪᠡᠷᠯᠡᠨ ᠠᠷᠢᠭᠤᠳᠬᠠᠬᠤ ᠂ ᠭᠠᠯᠵᠠᠭᠤ ᠶᠢᠨ ᠡᠰᠡᠷᠭᠦ ᠤᠷᠢᠳᠴᠢᠯᠠᠨ ᠰᠡᠷᠭᠡᠶᠢᠯᠡᠬᠦ ᠸᠠᠺᠼᠢᠨ ᠢ ᠵᠢᠭᠠᠪᠤᠷᠢ ᠶᠢᠨ ᠳᠠᠭᠠᠤ ᠴᠠᠭ ᠠᠯᠳᠠᠯ ᠦᠭᠡᠢ ᠲᠠᠷᠢᠭᠤᠯᠬᠤ ᠡᠮᠨᠡᠯᠭᠡ ᠶᠢᠨ ᠲᠤᠰᠠᠯᠠᠮᠵᠢ ᠠᠪᠬᠤ ᠬᠦᠷᠲᠡᠯ᠎ᠡ ᠰᠢᠷᠬ᠎ᠠ ᠶᠢ ᠪᠤᠴᠠᠯᠤᠭᠰᠠᠨ ᠪᠦᠯᠢᠶᠡᠨ ᠤᠰᠤ ᠪᠠᠷ ᠰᠠᠶᠢᠲᠤᠷ ᠰᠠᠪᠤᠩᠳᠠᠵᠤ ᠤᠬᠢᠶᠠᠨ ᠰᠫᠢᠷᠲ ᠪᠣᠯᠣᠨ ᠢᠣᠳ᠋ ᠢᠶᠠᠷ ᠠᠷᠴᠢᠬᠤ ᠭᠡᠷ ᠤᠨ ᠲᠡᠵᠢᠭᠡᠮᠡᠯ ᠨᠣᠬᠠᠢ ᠮᠤᠤᠷ ᠢ ᠭᠠᠯᠵᠠᠭᠤ ᠶᠢᠨ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠳᠤ ᠬᠠᠮᠤᠷᠤᠭᠤᠯᠬᠤ ᠲᠣᠮᠣ ᠬᠡᠮᠵᠢᠶᠡᠨ ᠤ ᠰᠢᠷᠬ᠎ᠠ ᠡᠭᠦᠰᠦᠭᠰᠡᠨ ᠂ ᠴᠢᠰᠤ ᠠᠯᠳᠠᠵᠤ ᠪᠠᠶᠢᠭ᠎ᠠ ᠦᠶ᠎ᠡ ᠳᠤ ᠤᠬᠢᠶᠠᠵᠤ ᠴᠡᠪᠡᠷᠯᠡᠬᠦ ᠠᠷᠭ᠎ᠠ ᠶᠢ ᠬᠡᠷᠡᠭᠯᠡᠬᠦ ᠦᠭᠡᠢ ᠃ ᠶᠠᠭᠠᠷᠠᠯᠲᠠᠢ ᠡᠮᠨᠡᠯᠭᠡ ᠳᠤ ᠣᠴᠢᠬᠤᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号