2021 ᠣᠨ ᠤ ᠬᠤᠰᠢᠭᠤᠨ ᠤ ᠠᠵᠢᠯᠲᠠᠨ ᠤ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2021/10/14
10 ᠳ᠋ᠤᠭᠠᠷ ᠰᠠᠷ᠎ᠠ ᠶᠢᠨ 13᠎ ᠤ ᠡᠳᠤᠷ ᠤᠨ ᠦᠳᠡ ᠶᠢᠨ ᠡᠮᠦᠨ᠎ᠡ᠂ ᠠᠯᠠᠱᠠ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ 2021 ᠣᠨ ᠤ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠲᠠᠮᠢᠷ ᠤᠨ ᠴᠤᠭᠯᠠᠭᠠᠨ ᠤ ᠤᠷᠤᠯᠳᠤᠭᠠᠨ ᠡᠬᠢᠯᠡᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠲᠠᠮᠢᠷ ᠤᠨ ᠠᠩᠬᠢ ᠶᠢᠨ ᠬᠢᠨ ᠪᠦᠯᠬᠦᠮᠳᠡᠨ ᠬᠠᠪᠰᠤᠷᠤᠯᠴᠠᠵᠤ᠂ ᠤᠷᠤᠯᠳᠤᠭᠠᠨ ᠤ ᠳᠤᠮᠳᠠ ᠡᠷᠡᠯᠬᠡᠭᠯᠡᠨ ᠲᠡᠮᠡᠴᠡᠵᠦ᠂ ᠠᠵᠢᠯᠳᠠᠨ ᠠᠵᠢᠯᠴᠢᠨ ᠤ ᠣᠷᠭᠢᠯᠤᠮ᠎ᠠ ᠬᠠᠯᠠᠭᠤᠨ ᠰᠡᠳᠬᠢᠯᠭᠡ᠂ ᠬᠦᠴᠦ ᠨᠡᠮᠡᠬᠦ ᠲᠠᠭᠤᠨ ᠲᠠᠰᠤᠷᠠᠯᠳᠠ ᠦᠭᠡᠢ ᠦᠷᠭᠦᠯᠵᠢᠯᠡᠵᠦ᠂ ᠠᠭᠤᠷ ᠠᠮᠢᠰᠬᠤᠯ ᠢ ᠲᠠᠰᠤᠷᠠᠯᠳᠠ ᠦᠭᠡᠢ ᠤᠷᠬᠢᠯ ᠳᠤᠨᠢ ᠬᠦᠷᠭᠡᠪᠡ᠃
ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠬᠠᠮᠲᠤ ᠠᠵᠢᠯᠲᠠᠨ ᠤ ᠬᠤᠭᠤᠷᠣᠨᠳᠣᠬᠢ ᠨᠢᠭᠲᠠᠷᠠᠯ ᠤᠨ ᠬᠦᠴᠦᠨ ᠪᠠ ᠬᠠᠮᠵᠢᠯᠴᠠᠬᠤ ᠴᠢᠳᠠᠪᠤᠷᠢ ᠬᠡᠳᠦᠶ ᠴᠢᠬᠤᠯᠠ ᠭᠡᠳᠡᠭ ᠢ ᠣᠯᠠᠨ ᠳᠤ ᠮᠡᠳᠡᠷᠡᠭᠦᠯᠵᠦ᠂ ᠠᠵᠢᠯ ᠤᠨ ᠴᠢᠯᠦᠭᠡᠨ ᠳᠠᠬᠢ ᠮᠠᠰᠢ ᠣᠯᠠᠨ ᠬᠠᠪᠤ ᠴᠡᠩᠭᠡᠯ ᠢ ᠠᠪᠴᠢᠷᠠᠭᠰᠠᠨ ᠪᠠᠶᠢᠨ᠎ᠠ᠃ ᠲᠤᠰ ᠤᠳᠠᠭ᠎ᠠ ᠶᠢᠨ ᠠᠵᠢᠯᠯᠠᠭ᠎ᠠ ᠨᠢ ᠪᠣᠯᠪᠠᠰᠤᠨ ᠤ ᠰᠢᠨ᠎ᠡ ᠶᠢ ᠡᠭᠦᠳᠬᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠷ ᠵᠣᠷᠢᠯᠲᠠ ᠪᠣᠯᠭᠠᠵᠤ᠂ ᠥᠷᠭᠡᠨ ᠢᠶᠠᠷ ᠣᠷᠣᠯᠴᠠᠬᠤ᠂ ᠪᠦᠯᠬᠦᠮᠳᠡᠯ ᠪᠠ ᠨᠥᠬᠦᠷᠯᠡᠯ ᠢᠶᠠᠨ ᠵᠤᠵᠠᠭᠠᠳᠬᠠᠬᠤ ᠪᠠᠷ ᠵᠣᠷᠢᠯᠭ᠎ᠠ ᠪᠣᠯᠭᠠᠪᠠ᠃ ᠥᠷᠭᠡᠨ ᠣᠯᠠᠨ ᠠᠵᠢᠯᠲᠠᠨ ᠠᠵᠢᠯᠴᠢᠨ ᠤ ᠪᠡᠶ᠎ᠡ ᠴᠢᠭᠢᠷᠠᠭᠵᠢᠭᠤᠯᠬᠤ ᠦᠵᠡᠯ ᠤᠬᠠᠮᠰᠠᠷ ᠢ ᠨᠡᠮᠡᠭᠳᠡᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠭᠦᠨᠵᠡᠭᠡᠶ ᠥᠷᠨᠢᠬᠦ ᠶᠢ ᠠᠬᠢᠭᠤᠯᠬᠤ ᠶᠢᠨ ᠬᠠᠮᠲᠤ᠂ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ ᠠᠵᠢᠯᠲᠠᠨ ᠠᠵᠢᠯᠴᠢᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠡᠷᠡᠭᠦᠯ ᠥᠭᠡᠳᠡᠷᠬᠡᠭ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠣᠶᠤᠨ ᠰᠠᠨᠠᠭᠠᠨ ᠤ ᠪᠠᠶᠢᠳᠠᠯ ᠢ ᠨᠠᠩ ᠰᠠᠶᠢᠨ ᠢᠯᠡᠷᠡᠭᠦᠯᠵᠦ᠂ ᠪᠦᠯᠬᠦᠮᠳᠡᠨ ᠬᠠᠮᠵᠢᠯᠴᠠᠬᠤ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠬᠥᠮᠦᠵᠢᠭᠦᠯᠦᠨ᠎ᠡ᠃
ᠵᠢᠯ ᠳᠤ ᠨᠢᠭᠡ ᠤᠳᠠᠭ᠎ᠠ ᠶᠠᠪᠤᠭᠳᠠᠬᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠦᠪᠡᠳᠡᠭᠰᠢ ᠶᠠᠪᠤᠳᠠᠯ ᠮᠥᠨ᠂ ᠪᠠᠰᠠ ᠴᠤ ᠥᠷᠭᠡᠨ ᠣᠯᠠᠨ ᠠᠵᠢᠯᠲᠠᠨ ᠠᠵᠢᠯᠴᠢᠨ ᠤ ᠴᠤᠭ ᠵᠢᠪᠬᠤᠭ᠎ᠠ ᠪᠠᠨ ᠢᠯᠡᠷᠡᠭᠦᠯᠬᠦ᠂ ᠰᠣᠯᠢᠯᠴᠠᠭ᠎ᠠ ᠪᠠᠨ ᠠᠬᠢᠭᠤᠯᠬᠤ ᠲᠠᠪᠴᠠᠩ ᠮᠥᠨ᠂ ᠨᠠᠩ ᠴᠤ ᠠᠵᠢᠯᠲᠠᠨ ᠠᠵᠢᠯᠴᠢᠨ ᠤ ᠶᠣᠰᠣ ᠮᠣᠷᠠᠯ ᠵᠠᠩ ᠴᠢᠨᠠᠷ᠂ ᠦᠵᠡᠯ ᠰᠠᠨᠠᠭ᠎ᠠ ᠣᠪᠣᠷ ᠰᠤᠷᠲᠠᠯ᠂ ᠣᠶᠤᠨ ᠰᠠᠨᠠᠭᠠᠨ ᠤ ᠳᠦᠷᠰᠦ ᠪᠠᠶᠢᠳᠠᠯ ᠤᠨ ᠲᠤᠬᠠᠶ ᠨᠢᠭᠡ ᠤᠳᠠᠭᠠᠨ ᠤ ᠲᠥᠪᠯᠡᠷᠡᠩᠭᠦᠶ ᠦᠵᠡᠭᠦᠯᠦᠯᠭᠡ ᠮᠥᠨ᠃ ᠡᠨᠡ ᠵᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠥᠲᠥᠨ ᠪᠥᠮᠪᠦᠭᠡ᠂ ᠰᠣᠨᠢᠷᠬᠠᠯᠲᠤ ᠤᠷᠤᠯᠳᠤᠭᠠᠨ᠂ ᠰᠦᠯᠵᠢᠶᠡᠨ ᠳᠡᠭᠡᠷᠡᠬᠢ ᠤᠷᠤᠯᠳᠤᠭᠠᠨ ᠵᠡᠷᠭᠡ 12 ᠲᠥᠷᠥᠯ ᠬᠤᠪᠢᠶᠠᠵᠤ᠂ ᠪᠥᠬᠦ ᠬᠤᠰᠢᠭᠤᠨ ᠤ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ᠂ ᠰᠠᠭᠤᠭ᠎ᠠ ᠴᠡᠷᠢᠭ ᠠᠩᠭᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠮᠤ ᠪᠠᠯᠭᠠᠰᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮᠯᠢᠭ ᠵᠡᠷᠭᠡ 74 ᠲᠥᠯᠥᠭᠡᠯᠡᠭᠴᠢᠳ ᠤᠨ ᠠᠩᠭᠢ ᠶᠢᠨ 1200 ᠭᠠᠷᠤᠶ ᠺᠠᠳ᠋ᠷ ᠠᠵᠢᠯᠲᠠᠨ ᠣᠷᠤᠯᠴᠠᠪᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号