ᠠᠯᠠᠱᠠ ᠵᠡᠭᠦᠨ ᠬᠤᠰᠢᠭᠤᠨ ᠤ 2021 ᠣᠨ ᠤ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾᠎ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2021/10/14
10 ᠳ᠋ᠤᠭᠠᠷ ᠰᠠᠷ᠎ᠠ ᠶᠢᠨ 11᠎ ᠤ ᠡᠳᠦᠷ᠂ ᠠᠯᠠᠱᠠ ᠵᠡᠭᠦᠨ ᠬᠤᠰᠢᠭᠤᠨ ᠤ 2021 ᠣᠨ ᠤ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾᠎ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ᠰᠦᠯᠵᠢᠶᠡᠨ ᠤ ᠠᠮᠤᠷ ᠲᠦᠪᠰᠢᠨ ᠢ ᠠᠵᠤ ᠠᠬᠤᠶᠢᠯᠠᠯ ᠳᠤ ᠣᠷᠣᠭᠤᠯᠬᠤ︾ ᠠᠵᠢᠯᠯᠠᠭ᠎ᠠ ᠥᠪᠥᠷ ᠮᠣᠩᠭᠤᠯ ᠤᠨ ᠬᠠᠯᠠᠭᠤᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠶᠠᠪᠤᠭᠳᠠᠪᠠ᠃
ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠦᠵᠡᠭᠦᠯᠦᠯᠭᠡ ᠶᠢᠨ ᠰᠠᠮᠪᠠᠷ᠎ᠠ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠣᠬᠤᠷ ᠹᠢᠯᠢᠮ ᠢ ᠦᠵᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯᠲᠠᠨ ᠳᠤ ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠪᠡ︔ ᠲᠤᠬᠠᠢ ᠶᠢᠨ ᠲᠠᠯᠠᠪᠠᠢ ᠳᠤ ᠪᠠᠰᠠ ᠱᠠᠩᠨᠠᠯᠲᠤ ᠮᠡᠳᠡᠯᠭᠡ ᠶᠢᠨ ᠤᠷᠤᠯᠳᠤᠭᠠᠨ ᠥᠷᠨᠢᠭᠦᠯᠵᠦ᠂ ᠤᠯᠠᠨ ᠢᠶᠠᠷ ᠢᠶᠠᠨ ᠢᠳᠡᠪᠬᠢᠲᠡᠢ ᠣᠷᠣᠯᠴᠠᠵᠤ᠂ ᠬᠦᠷ ᠬᠥᠭᠵᠢᠶᠡᠨ ᠲᠠᠢ ᠪᠠᠶᠢᠯ᠎ᠠ᠃
ᠡᠨᠡ ᠵᠢᠯ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ 17᠎ ᠤ ᠡᠳᠦᠷ ᠪᠣᠯᠲᠠᠯ᠎ᠠ ᠦᠷᠭᠦᠯᠵᠢᠯᠡᠬᠦ ᠪᠣᠯᠤᠨ᠎ᠠ᠃ ᠡᠨᠡ ᠬᠤᠭᠤᠴᠠᠭᠠᠨ ᠳᠤ᠂ ᠠᠯᠠᠱᠠ ᠵᠡᠭᠦᠨ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠬᠤ ᠲᠥᠪ ︽ᠠᠯᠠᠱᠠ ᠵᠡᠭᠦᠨ ᠬᠤᠰᠢᠭᠤᠨ ᠳᠤ ᠰᠢᠭᠤᠳ ᠨᠡᠪᠲᠡᠷᠡᠬᠦ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠣᠬᠤᠷ ᠸᠢᠳᠢᠣ᠋ ᠶᠢ ᠳᠠᠮᠵᠢᠭᠤᠯᠤᠨ᠎ᠠ︔ ᠪᠠᠰᠠ ᠰᠤᠷᠭᠠᠭᠤᠯᠢ ᠶᠢᠨ ᠬᠦᠷᠢᠶᠡᠨ ᠤ ᠡᠳᠦᠷ᠂ ᠬᠠᠤᠯᠢ ᠲᠦᠷᠢᠮ ᠤᠨ ᠡᠳᠦᠷ᠂ ᠮᠥᠩᠭᠦᠨ ᠭᠦᠢᠯᠭᠡᠭᠡᠨ ᠤ ᠡᠳᠦᠷ᠂ ᠵᠠᠯᠠᠭᠤᠴᠤᠳ ᠪᠠᠭᠠᠴᠤᠳ ᠤᠨ ᠡᠳᠦᠷ᠂ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢᠨ ᠡᠳᠦᠷ ᠵᠡᠷᠭᠡ ᠭᠤᠤᠯ ᠰᠡᠳᠦᠪᠲᠦ ᠡᠳᠦᠷ ᠤᠨ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠢ ᠳᠠᠶᠢᠴᠢᠯᠠᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠳᠤ ᠥᠷᠭᠡᠨ ᠢᠶᠠᠷ ᠣᠷᠣᠯᠴᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠪᠥᠬᠦ ᠨᠡᠶᠢᠭᠡᠮ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠬᠠᠮᠠᠭᠠᠯᠠᠯᠲᠠ ᠶᠢᠨ ᠠᠵᠢᠯ ᠢ ᠳᠡᠭᠡᠭᠰᠢᠯᠡᠭᠦᠯᠦᠨ᠎ᠡ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号