ᠦᠯᠵᠡᠢ ᠰᠣᠮᠣ ᠶᠢᠨ ᠬᠢᠯᠢ ᠶᠢᠨ ᠵᠠᠮ ᠰᠣᠭᠤᠮ ᠢ ᠵᠠᠰᠠᠨ ᠰᠠᠶᠢᠵᠢᠷᠠᠭᠤᠯᠬᠤ ᠠᠩᠭᠢ ᠶᠢᠨ ᠨᠠᠮ ᠤᠨ ᠡᠭᠦᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠢᠭᠡᠳᠦᠯ ᠢ ᠪᠦᠬᠦ ᠬᠦᠴᠦᠨ ᠢᠶᠠᠷ ᠢᠶᠠᠨ ᠠᠬᠢᠭᠤᠯᠪᠠ
ᠨᠡᠶᠢᠲᠡᠯᠡᠭᠰᠡᠨ ᠴᠠᠭ᠄
2021/10/14
 ᠦᠯᠵᠡᠢ ᠰᠣᠮᠣ ᠶᠢᠨ ᠬᠢᠯᠢ ᠶᠢᠨ ᠵᠠᠮ ᠰᠣᠭᠤᠮ ᠢ ᠵᠠᠰᠠᠨ ᠰᠠᠶᠢᠵᠢᠷᠠᠭᠤᠯᠬᠤ ᠠᠩᠬᠢ ᠶᠢᠨ ᠨᠠᠮ ᠤᠨ ᠡᠭᠦᠷ ᠤᠯᠠᠨ ᠵᠦᠢᠯ ᠤᠨ ᠠᠷᠭ᠎ᠠ ᠬᠡᠮᠵᠢᠶ᠎ᠠ ᠶᠢ ᠵᠡᠷᠭᠡᠪᠡᠷ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ ᠭᠤᠣᠯ ᠬᠦᠭ ᠠᠶᠠᠰ ᠢ ᠴᠢᠪᠬᠠᠳᠠᠵᠤ᠂ ᠪᠦᠬᠦ ᠠᠵᠢᠯᠳᠠᠨ ᠠᠵᠢᠯᠴᠢᠨ ᠢ ᠵᠣᠷᠢᠭᠵᠢᠭᠤᠯᠤᠨ ᠲᠠᠶᠢᠢᠴᠢᠯᠠᠵᠦ ᠪᠠᠶᠢᠭᠠᠳ ᠦᠨᠳᠦᠰᠦᠲᠡᠨ ᠤ ᠪᠦᠯᠬᠦᠮᠳᠡᠯ ᠤᠨ ᠠᠮᠢᠨ ᠰᠤᠳᠠᠰᠤ ᠶᠢ ᠪᠠᠲᠤ ᠰᠠᠬᠢᠭᠤᠯᠵᠤ᠂ ᠳᠤᠮᠳᠠᠳᠤ ᠶᠢᠨ ᠦᠨᠳᠦᠰᠦᠲᠡᠨ ᠪᠦᠬᠦᠨ ᠨᠢᠭᠡ ᠭᠡᠷ ᠤᠨ ᠬᠥᠮᠦᠨ ᠮᠡᠲᠦ ᠨᠢᠭᠲᠠᠷᠠᠨ ᠪᠦᠯᠬᠦᠮᠳᠡᠬᠦ ᠭᠦᠨ ᠵᠤᠵᠠᠭᠠᠨ ᠠᠭᠤᠷ ᠠᠮᠢᠰᠬᠤᠯ ᠢ ᠪᠠᠲᠤᠳᠬᠠᠪᠠ᠃      2018 — 2019 ᠣᠨ ᠪᠣᠯᠳᠠᠯ᠎ᠠ ᠂ ᠦᠯᠵᠡᠢ ᠶᠢᠨ ᠬᠢᠯᠢ ᠶᠢᠨ ᠵᠠᠮ ᠰᠣᠭᠤᠮ ᠢ ᠵᠠᠰᠠᠨ ᠰᠠᠶᠢᠵᠢᠷᠠᠭᠤᠯᠵᠣ  ᠬᠠᠮᠠᠭᠠᠯᠠᠬᠤ ᠠᠩᠭᠢ ︽ᠬᠠᠭᠤᠴᠢᠨ ᠬᠤᠳᠳᠤᠭ ᠢ ᠥᠭᠡᠷᠡᠴᠢᠯᠡᠨ ᠵᠠᠰᠠᠬᠤ ᠢᠨᠵᠧᠨᠧᠷᠢᠩ︾᠎ ᠢ ᠬᠡᠷᠡᠭᠵᠢᠭᠦᠯᠦᠨ 81 ᠬᠤᠳᠳᠤᠭ ᠢ ᠰᠡᠯᠪᠢᠨ ᠵᠠᠰᠠᠵᠤ ᠨᠡᠭᠡᠭᠡᠨ ᠮᠠᠯᠲᠠᠵᠤ᠂ ᠮᠠᠯᠴᠢᠳ ᠲᠤ 300 ᠭᠠᠷᠤᠶ ᠺᠢᠯᠣᠮᠧᠲᠷ ᠶᠠᠪᠠᠭᠠᠨ ᠵᠠᠮ ᠳᠡᠪᠢᠰᠴᠦ᠂ ᠮᠠᠯᠴᠢᠳ ᠢ ᠬᠠᠪᠰᠤᠷᠤᠨ 200 ᠭᠠᠷᠤᠶ ᠲᠣᠨ ᠡᠪᠡᠰᠦ ᠪᠣᠷᠳᠤᠭ᠎ᠠ ᠶᠢ ᠰᠢᠯᠵᠢᠭᠦᠯᠦᠨ ᠬᠡᠷᠡᠭᠯᠡᠭᠦᠯᠪᠡ᠃ 2020 ᠣᠨ ᠳᠤ᠂ ︽ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ︾ ᠡᠷᠴᠢᠮ ᠪᠠ ᠬᠠᠯᠠᠭᠤᠨ ᠰᠡᠳᠬᠢᠯᠭᠡ ᠶᠢ ᠦᠷᠭᠦᠯᠵᠢᠯᠡᠨ ᠠᠬᠢᠭᠤᠯᠵᠤ᠂ 40 ᠭᠠᠷᠤᠶ ᠡᠷᠦᠬᠡ ᠮᠠᠯᠴᠢᠳ ᠲᠤ ︽ᠬᠤᠳᠳᠤᠭ ᠤᠨ ᠤᠰᠤ ᠶᠢ ᠡᠷᠦᠬᠡ ᠳᠤ ᠣᠷᠣᠭᠤᠯᠬᠤ︾ ᠢᠨᠵᠧᠨᠧᠷᠢᠩ ᠢ ᠬᠡᠷᠡᠭᠵᠢᠭᠦᠯᠦᠨ᠂ ᠮᠠᠯᠵᠢᠬᠤ ᠣᠷᠣᠨ ᠳᠤ ᠨᠡᠪᠲᠡᠷᠡᠬᠦ ᠵᠠᠮ ᠢ ᠨᠡᠶᠢᠲᠡ 100 ᠭᠠᠷᠤᠶ ᠺᠢᠯᠣᠮᠧᠲᠷ ᠵᠠᠰᠠᠵᠤ᠂ ᠬᠤᠳᠳᠤᠭ ᠤᠨ ᠤᠰᠤ ᠶᠢ ᠡᠷᠦᠬᠡ ᠳᠤ ᠣᠷᠣᠭᠤᠯᠬᠤ ᠬᠤᠭᠤᠯᠠᠶ ᠶᠢ 12 ᠭᠠᠷᠤᠶ ᠺᠢᠯᠣᠮᠧᠲᠷ ᠮᠠᠯᠲᠠᠬᠤ ᠶᠢᠨ ᠬᠠᠮᠲᠤ ᠭᠡᠷᠡᠯ ᠢᠶᠠᠷ ᠴᠠᠬᠢᠯᠭᠠᠨ ᠭᠠᠷᠭᠠᠬᠤ ᠰᠢᠰᠲ᠋ᠧᠮ᠂ ᠥᠪᠡᠰᠦᠪᠡᠨ ᠰᠣᠷᠣᠬᠤ ᠬᠥᠭᠡᠷᠭᠡ᠂ ᠡᠷᠦᠬᠡ ᠳᠤ ᠣᠷᠣᠭᠤᠯᠬᠤ ᠬᠤᠭᠤᠯᠠᠶ ᠵᠡᠷᠭᠡ ᠶᠢ ᠢᠵᠢ ᠪᠦᠷᠢᠳᠦᠭᠦᠯᠦᠨ ᠤᠭᠰᠠᠷᠠᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ ᠨᠠᠮ ᠤᠨ ᠡᠭᠦᠷ ︽ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ︾ ᠵᠢᠭᠰᠠᠭᠠᠯ ᠤᠨ ᠭᠠᠵᠠᠷ ᠢᠶᠠᠨ ᠰᠢᠯᠵᠢᠭᠦᠯᠵᠦ᠂ ᠬᠢᠯᠢ ᠬᠢᠵᠠᠭᠠᠷ ᠤᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠪᠦᠯᠬᠦᠮᠳᠡᠯ ᠢ ᠪᠠᠶᠢᠭᠤᠯᠬᠤ᠂ ᠦᠭᠡ ᠶᠠᠷᠢᠶ᠎ᠠ ᠶᠢ ᠨᠢᠭᠡᠳᠬᠡᠬᠦ ᠵᠣᠷᠢᠭ ᠪᠠ ᠬᠠᠯᠠᠭᠤᠨ ᠰᠡᠳᠬᠢᠯᠭᠡ ᠶᠢ ᠡᠪᠦᠷᠯᠡᠵᠦ᠂ ᠠᠵᠢᠯᠯᠠᠬᠤ ᠳᠤᠭᠤᠶᠢᠯᠠᠩ ᠲᠣᠮᠢᠯᠠᠵᠤ᠂ ᠵᠠᠮ ᠠᠷᠠᠴᠢᠯᠠᠬᠤ ᠶᠢᠨ ᠲᠠᠭᠠᠣ ᠰᠡᠳᠬᠢᠯ ᠢᠶᠠᠨ ᠵᠠᠰᠠᠬᠤ ᠶᠢ ᠵᠡᠷᠭᠡᠪᠡᠷ ᠴᠢᠬᠤᠯᠠᠴᠢᠯᠠᠵᠤ᠂ ᠬᠢᠯᠢ ᠶᠢᠨ ᠬᠠᠮᠠᠭᠠᠯᠠᠯᠲᠠ ᠶᠢᠨ ᠱᠤᠭᠤᠮ ᠳᠡᠭᠡᠷ᠎ᠡ ᠰᠠᠭᠤᠭ᠎ᠠ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ᠂ ᠬᠢᠯᠢ ᠶᠢᠨ ᠬᠠᠮᠠᠭᠠᠯᠠᠯᠲᠠ ᠶᠢᠨ ᠰᠤᠮᠤ᠂ ᠱᠠᠰᠢᠨ ᠰᠤᠷᠲᠠᠬᠤᠨ ᠤ ᠰᠦᠮ᠎ᠡ ᠬᠡᠶᠢᠳ᠂ ᠭᠠᠴᠠᠭ᠎ᠠ ᠵᠡᠷᠭᠡ ᠳᠤ ︽ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ︾᠂ ︽ᠬᠢᠯᠢ ᠪᠠᠷ ᠶᠠᠪᠣᠬᠤ︾ ᠠᠵᠢᠯᠯᠠᠭ᠎ᠠ ᠥᠷᠨᠢᠭᠦᠯᠵᠡᠢ᠃ ᠵᠠᠮ ᠳᠠᠭᠠᠤ᠂ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ︽ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ︾᠂ ︽ᠪᠢ ᠪᠣᠯ ᠡᠪ ᠬᠠᠮᠲᠤ ᠨᠠᠮ ᠤᠨ ᠭᠡᠰᠢᠭᠦᠨ᠂ ᠪᠢ ᠲᠠᠨ ᠢ ᠬᠠᠪᠰᠤᠷᠤᠨ᠎ᠠ︾ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠡᠶᠢᠲᠡ 17 ᠥᠷᠨᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠢᠳᠡᠵᠦ ᠡᠮᠦᠰᠬᠦ ᠶᠠᠪᠤᠵᠤ ᠰᠠᠭᠤᠬᠤ ᠳᠤ ᠲᠦᠢᠯ ᠤᠨ ᠶᠡᠭᠡ ᠳᠥᠭᠦᠮ ᠦᠵᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠬᠠᠮᠲᠤ ᠶᠢᠨ ᠮᠠᠭᠲᠠᠭᠠᠯ ᠰᠠᠶᠢᠰᠢᠶᠠᠯ ᠢ ᠣᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠢᠭᠡᠳᠦᠮᠡᠯ ᠹᠷᠣᠨᠲ ᠢ ᠪᠦᠲᠦᠮᠵᠢᠲᠡᠶ ᠪᠠᠷ ᠲᠦᠯᠬᠢᠨ ᠠᠬᠢᠭᠤᠯᠤᠭᠰᠠᠨ ᠪᠠᠶᠢᠨ᠎ᠠ᠃ ᠡᠨᠡ ᠨᠢ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠬᠠᠮᠲᠤ ᠶᠢᠨ ᠮᠠᠭᠲᠠᠭᠠᠯ ᠰᠠᠶᠢᠰᠢᠶᠠᠯ ᠢ ᠣᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠢᠭᠡᠳᠦᠮᠡᠯ ᠹᠷᠣᠨᠲ ᠢ ᠪᠦᠲᠦᠮᠵᠢᠲᠡᠶ ᠪᠠᠷ ᠲᠦᠯᠬᠢᠨ ᠠᠬᠢᠭᠤᠯᠤᠭᠰᠠᠨ ᠪᠠᠶᠢᠨ᠎ᠠ᠃ 2019 ᠣᠨ ᠳᠤ᠂ ᠦᠯᠵᠡᠢ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ︾᠎ ᠶᠢᠨ ᠴᠣᠯᠠ ᠶᠢ  ᠣᠯᠭᠤᠵᠠᠢ᠃  
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号