ᠡᠷᠳᠡᠨᠢᠠᠠᠭᠤᠯᠠ ᠨᠠᠷᠠᠨ᠎ᠠ ᠡᠷᠳᠡᠨᠢᠬᠦᠦ | | ᠡᠪ ᠲᠠᠢ ᠠᠶᠢᠯ ᠤᠨ ᠠᠮᠢᠳᠤᠷᠠᠯ ᠦᠬᠡᠳᠡ | | ᠠᠯᠠᠱᠠ ᠵᠡᠭᠦᠨ ᠬᠤᠰᠢᠭᠤᠨ ᠤ ᠤᠨᠳᠦᠷᠦᠯᠳᠦ ᠪᠠᠯᠭᠠᠰᠦᠨ ᠤ ᠰᠠᠶᠢᠬᠠᠨᠲᠠᠯ᠎ᠠ ᠭᠠᠴᠠᠭᠠᠨ ᠤ ᠸᠠᠩ ᠴᠢᠤᠸᠠᠨ ᠰᠢᠶᠠᠨ | ᠬᠠᠰᠬᠡᠷᠡᠯ ᠬᠤᠶᠠᠭᠤᠯᠠ ᠡᠶ᠎ᠡ ᠨᠠᠶᠢᠷ ᠲᠠᠢ ᠠᠵᠢᠯᠴᠢ ᠬᠥᠳᠡᠯᠮᠦᠷᠢᠴᠢ ᠪᠠᠷ ᠠᠮᠢᠳᠤᠷᠠᠨ ᠵᠤᠯ ᠵᠢᠷᠭᠠᠯᠳᠠᠢ ᠬᠡᠷ ᠪᠦᠯᠢ ᠶᠢ | ᠪᠠᠶᠢᠭᠤᠯᠤᠭᠰᠠᠨ ᠮᠦᠷᠳᠡᠬᠡᠨ ᠨᠤᠳᠤᠭ ᠤᠰᠤᠨ ᠤ ᠠᠷᠠᠳ ᠤᠯᠠᠨ ᠢᠶᠠᠨ ᠳᠠᠭᠠᠭᠤᠯᠤᠨ ᠪᠠᠶᠠᠵᠢᠯ ᠤᠨ ᠵᠠᠮ ᠢᠶᠠᠷ | ᠵᠠᠮᠨᠠᠭᠠᠳ᠂ ᠬᠤᠯᠠ ᠤᠶᠢᠷ᠎ᠠ ᠶᠢᠨ ᠬᠢᠨ ᠳᠡᠭᠡᠨ ᠮᠠᠭᠳᠠᠭᠳᠠᠨ ᠪᠢᠰᠢᠷᠡᠭᠳᠡᠵᠦ ᠪᠠᠶᠢᠨ᠎ᠠ᠃ | ᠸᠠᠩ ᠴᠢᠤᠸᠠᠨ ᠰᠢᠶᠠᠨ ᠪᠤᠯ ᠬᠢᠲᠠᠳ ᠦᠨᠳᠦᠰᠦᠲᠡᠨ ᠶᠤᠮ᠂ 1989 ᠣᠨ ᠳᠤ ᠠᠪᠤ ᠪᠠᠨ ᠳᠠᠭᠠᠵᠤ ᠮᠠᠯᠵᠢᠬᠤ | ᠣᠷᠣᠨ ᠢᠶᠠᠷ ᠮᠠᠯ ᠤᠨ ᠨᠣᠣᠰᠣ ᠬᠤᠷᠢᠶᠠᠵᠦ ᠶᠠᠪᠤᠬᠤ ᠳᠠᠭᠠᠨ ᠬᠠᠰᠬᠡᠷᠡᠯ ᠲᠠᠢ ᠳᠠᠨᠢᠯᠴᠠᠵᠦ ᠤᠷᠤᠭᠯᠠᠭᠰᠠᠨ ᠪᠠᠶᠢᠪᠠ᠃ | ᠬᠠᠰᠬᠡᠷᠡᠯ ᠳᠡᠬᠦᠨ ᠤ ᠠᠵᠢᠯᠴᠢ ᠪᠤᠷᠤᠭᠵᠢᠭᠤᠨ᠂ ᠰᠤᠷᠤᠯᠴᠠᠵᠦ ᠳᠠᠪᠰᠢᠬᠤ ᠳᠤᠷᠠᠳᠠᠢ᠂ ᠤᠯᠠᠨ ᠶᠠᠭᠤᠮ᠎ᠠ ᠮᠡᠳᠡᠵᠦ | ᠳᠠᠨᠢᠵᠦ᠂ ᠬᠦᠮᠦᠨ ᠳᠤ ᠶᠡᠭᠡ ᠳᠤᠰᠠᠷᠬᠠᠭ ᠶᠠᠪᠤᠳᠠᠭ ᠲᠤᠨᠢ ᠳᠤᠭᠤᠵᠤ ᠶᠠᠪᠤᠯᠴᠠᠭᠰᠠᠨ ᠬᠡᠳᠡᠭ᠃ ᠬᠡᠪᠡᠴᠦ ᠠᠮᠢᠳᠤᠷᠠᠯ | ᠤᠨ ᠵᠠᠩ ᠵᠠᠩᠰᠢᠯ᠂ ᠬᠡᠯᠡ ᠰᠤᠶᠤᠯ ᠵᠡᠷᠬᠡ ᠤᠯᠠᠨ ᠳᠠᠯ᠎ᠠ ᠶᠢᠨ ᠠᠳᠠᠯᠢ ᠪᠤᠰᠤ ᠨᠢ ᠬᠠᠰᠬᠡᠷᠡᠯ ᠳᠤ ᠠᠪᠴᠦ ᠬᠡᠯᠡᠪᠡᠯ | ᠶᠡᠬᠡᠬᠡᠨ ᠳᠠᠷᠤᠭᠠᠰᠦ ᠪᠤᠯᠵᠤ ᠪᠠᠶᠢᠵᠡᠢ᠃ ᠳᠡᠷᠡ ᠬᠠᠶᠢᠷᠠᠯᠠᠵᠦ ᠳᠤᠭᠤᠭᠰᠠᠨ ᠬᠦᠮᠦᠨ ᠤ ᠪᠠᠨ ᠳᠦᠯᠦᠬᠡ ᠡᠨᠡ ᠪᠦᠬᠦᠨ | ᠢ ᠬᠠᠶᠢᠬᠤᠷᠤᠯ ᠦᠬᠡᠢ ᠪᠠᠷ ᠬᠠᠷᠢ ᠶᠢᠨ ᠭᠠᠵᠠᠷ ᠲᠤ ᠮᠤᠷᠳᠠᠵᠡᠢ᠃ ᠬᠠᠰᠬᠡᠷᠡᠯ ᠰᠢᠨ᠎ᠡ ᠣᠷᠴᠢᠨ ᠲᠣᠭᠤᠷᠢᠨ ᠳᠤ | ᠤᠷᠤᠵᠤ᠂ ᠰᠢᠨ᠎ᠡ ᠵᠠᠩ ᠳᠠᠳᠬᠠᠯ ᠳᠤ ᠵᠤᠬᠢᠴᠠᠵᠦ᠂ ᠬᠢᠳᠠᠳ ᠦᠭᠡ ᠬᠡᠯᠡ ᠶᠢ ᠰᠤᠷᠴᠦ ᠪᠠᠶᠢᠬᠤ ᠳᠤ ᠵᠠᠷᠢᠮ ᠳᠠᠭᠠᠨ | ᠳᠠᠳᠬᠤ ᠦᠬᠡᠢ ᠵᠤᠪᠠᠪᠠᠯ᠂ ᠸᠠᠩ ᠴᠢᠤᠸᠠᠨ ᠰᠢᠶᠠᠨ᠄ ︽ᠪᠢᠳᠡ ᠬᠤᠶᠠᠭᠤᠯᠠ ᠬᠤᠶᠠᠷ ᠦᠨᠳᠦᠰᠦᠲᠡᠨ ᠤ ᠪᠠᠨ ᠵᠠᠩ | ᠳᠠᠳᠬᠠᠯ᠂ ᠦᠬᠡ ᠬᠡᠯᠡ ᠶᠢ ᠠᠳᠠᠯᠢᠬᠠᠨ ᠬᠦᠨᠳᠦᠳᠬᠡᠨ ᠰᠤᠷᠴᠦ ᠶᠠᠪᠤᠶ᠎ᠠ᠃ ᠰᠠᠳᠬᠢᠯ ᠨᠢᠬᠡᠳᠡᠢ ᠴᠢᠷᠮᠠᠶᠢᠪᠠᠯ ᠵᠤᠯ | ᠵᠢᠷᠭᠠᠯᠳᠤ ᠠᠮᠢᠳᠤᠷᠠᠯ ᠢ ᠪᠢᠳ᠋ᠨ ᠯᠠᠪᠳᠠᠢ ᠡᠳ᠋ᠯᠡᠬᠦ ᠶᠤᠮ︾ ᠬᠡᠳᠡᠭ ᠪᠠᠶᠢᠵᠡᠢ᠃ ᠲᠡᠳᠡ ᠬᠠᠷᠢᠯᠴᠠᠨ ᠬᠠᠶᠢᠷᠠᠯᠠᠵᠦ᠂ | ᠬᠠᠷᠢᠯᠴᠠᠨ ᠬᠠᠷᠠᠭᠠᠯᠵᠠᠵᠤ᠂ ᠬᠠᠷᠢᠯᠴᠠᠨ ᠬᠦᠨᠳᠦᠯᠡᠵᠦ ᠬᠠᠮᠳᠤ ᠪᠠᠷ ᠴᠢᠷᠮᠠᠶᠢᠵᠦ᠂ ᠬᠠᠮᠳᠤᠪᠠᠷ ᠳᠠᠪᠰᠢᠭᠰᠠᠨ ᠶᠤᠮ᠃ | | | | | 1991 ᠣᠨ ᠳᠤ ᠳᠡᠳᠡ ᠳᠠᠯ ᠬᠠᠷ᠎ᠠ ᠶᠢᠨ ᠬᠦᠳᠡᠭᠡ ᠳᠤ ᠨᠡᠭᠦᠨ ᠣᠴᠢᠵᠤ᠂ ᠲᠡᠨᠳᠡ ᠰᠢᠨ᠎ᠡ ᠠᠮᠢᠳᠤᠷᠠᠯ ᠢᠶᠠᠨ | ᠡᠬᠢᠯᠡᠭᠦᠯᠵᠡᠶ᠃ ᠸᠠᠩ ᠴᠢᠤᠸᠠᠨ ᠰᠢᠶᠠᠨ ᠬᠠᠰᠬᠡᠷᠡᠯ ᠠᠴᠠ ᠮᠤᠩᠭᠤᠯ ᠬᠡᠯᠡ ᠰᠤᠷᠴᠦ᠂ ᠮᠠᠯᠵᠢᠯ ᠤᠨ ᠳᠤᠬᠠᠢ ᠮᠡᠳᠡᠯᠬᠡ | ᠰᠤᠷᠴᠦ᠂ ᠳᠠᠷᠢᠶ᠎ᠠ ᠳᠠᠷᠢᠬᠤ ᠶᠢᠨ ᠳᠠᠭᠠᠤ ᠳᠤ ᠬᠦᠳᠡᠭᠡ ᠪᠠᠷ ᠶᠠᠪᠤᠵᠤ ᠬᠦᠴᠦᠨ ᠤ ᠠᠵᠢᠯ ᠬᠢᠵᠦ ᠪᠠᠭ᠎ᠠ ᠰᠠᠭ᠎ᠠ | ᠠᠷᠠᠯᠵᠢᠶ᠎ᠠ ᠮᠠᠶᠢᠮᠠᠢ ᠬᠢᠨ᠎ᠠ᠃ ᠬᠠᠰᠬᠡᠷᠡᠯ ᠴᠦ ᠸᠠᠩ ᠴᠢᠤᠸᠠᠨ ᠰᠢᠶᠠᠨ ᠠᠴᠠ ᠳᠠᠷᠢᠶ᠎ᠠ ᠳᠠᠷᠢᠬᠤ ᠶᠢ ᠰᠤᠷᠴᠦ᠂ | ᠠᠷᠠᠯᠵᠢᠶ᠎ᠠ ᠬᠢᠬᠦ ᠶᠢᠨ ᠤᠬᠠᠭᠠᠨ ᠢ ᠤᠶᠢᠯᠠᠭᠠᠵᠦ ᠡᠬᠢᠯᠡᠵᠡᠢ᠃ ᠬᠡᠳᠦᠨ ᠵᠢᠯ ᠤᠨ ᠳᠠᠷᠠᠭ᠎ᠠ ᠳᠡᠳᠡ ᠦᠪᠡᠷ ᠤᠨ | ᠳᠠᠷᠢᠶ᠎ᠠ ᠠᠴᠠ ᠭᠠᠳᠠᠨ᠎ᠠ ᠪᠤᠰᠤᠳ ᠤᠨ ᠳᠠᠷᠢᠶ᠎ᠠ ᠶᠢ ᠳᠦᠷᠢᠶᠡᠰᠦᠯᠡᠨ ᠳᠠᠷᠢᠬᠤ ᠴᠢᠳᠠᠯ ᠲᠠᠢ ᠪᠤᠯᠵᠤ᠂ ᠳᠤᠰᠤ | ᠰᠢᠬᠠᠬᠤ ᠦᠢᠯᠡᠳᠬᠡᠯ ᠤᠨ ᠭᠠᠵᠠᠷ᠂ ᠬᠤᠳᠠᠯᠳᠤᠭᠠᠨ ᠤ ᠬᠡᠳᠦ ᠳᠡᠯᠬᠡᠬᠦᠷ᠂ ᠬᠤᠭᠤᠯᠠᠨ ᠬᠡᠷ ᠨᠡᠬᠡᠬᠡᠵᠦ ᠡᠬᠢᠯᠡᠵᠡᠢ᠃᠃ | ᠳᠡᠷᠡ ᠡᠷ᠎ᠡ ᠨᠥᠬᠦᠷ ᠤᠨ ᠢᠶᠠᠨ ᠠᠵᠢᠯ ᠬᠦᠳᠡᠯᠮᠦᠷᠢ ᠳᠡᠭᠡᠨ ᠢᠳᠡᠪᠬᠢᠲᠡᠢ᠂ ᠠᠵᠢᠯ ᠦᠢᠯᠡᠰ ᠢᠶᠠᠨ ᠳᠡᠭᠡᠳᠦᠯᠡᠵᠦ᠂ | ᠠᠶᠢᠯ ᠤᠯᠠᠨ ᠳᠠᠭᠠᠨ ᠳᠤᠰᠠ ᠳᠡᠮ ᠲᠠᠢ ᠶᠠᠪᠤᠬᠤ ᠶᠢ ᠵᠤᠷᠢᠭᠵᠢᠭᠤᠯᠤᠨ ᠳᠡᠮᠵᠢᠳᠡᠭ᠃ ᠡᠷ᠎ᠡ ᠨᠥᠬᠦᠷ ᠨᠢ | ᠲᠣᠰᠬᠤᠨ ᠤ ᠠᠷᠠᠳ ᠲᠤ ᠪᠣᠳᠠᠲᠤ ᠶᠠᠪᠤᠳᠠᠯ ᠬᠢᠵᠦ ᠦᠭᠭᠦᠭᠰᠡᠨ ᠢᠶᠠᠷ᠂ ᠡᠷᠬᠢᠨ ᠲᠣᠭᠤᠷᠢᠨ ᠤ ᠬᠦᠮᠦᠰ ᠨᠢ ᠨᠢᠭᠡᠳ | ᠨᠢᠭᠡ ᠪᠠᠷ ᠪᠠᠶᠠᠵᠢᠵᠤ ᠪᠠᠶᠢᠬᠤ ᠶᠢ ᠬᠠᠷᠠᠭᠠᠳ᠂ ᠲᠡᠷᠡ ᠣᠮᠣᠭᠰᠢᠵᠤ ᠪᠠᠶᠠᠷᠯᠠᠳᠠᠭ ᠪᠠᠶᠢᠯ᠎ᠠ᠃ ᠸᠠᠩ ᠴᠢᠤᠸᠠᠨ ᠰᠢᠶᠠᠨ | ᠤ ᠠᠵᠢᠯ ᠬᠡᠳᠦ᠋ᠢᠪᠡᠷ ᠶᠠᠭᠠᠷᠠᠤ ᠪᠠᠶᠢᠳᠠᠭ ᠴᠦ ᠭᠡᠷ ᠲᠡᠭᠡᠨ ᠪᠠᠶᠢᠪᠠᠯ᠂ ᠪᠦᠷ ᠰᠠᠨᠠᠭᠠᠴᠢᠯᠠᠭ᠎ᠠ ᠠᠴᠠ ᠪᠠᠨ ᠬᠠᠰᠬᠡᠷᠡᠯ ᠢ | ᠬᠠᠪᠰᠤᠷᠴᠤ᠂ ᠨᠠᠰᠤᠲᠠᠨ ᠢᠶᠠᠨ ᠠᠰᠠᠷᠠᠵᠦ᠂ ᠬᠡᠦᠬᠡᠳ ᠢᠶᠠᠨ ᠬᠥᠮᠦᠵᠢᠭᠦᠯᠬᠦ ᠠᠵᠢᠯ ᠢ ᠬᠢᠵᠦ᠂ ᠶᠡᠭᠡ ᠪᠠᠭ᠎ᠠ | ᠶᠠᠪᠤᠳᠠᠯ ᠢ ᠬᠤᠶᠠᠭᠤᠯᠠ ᠪᠠᠨ ᠵᠥᠪᠳᠡᠯᠴᠡᠵᠦ᠂ ᠬᠠᠷᠢᠯᠴᠠᠨ ᠬᠠᠮᠵᠢᠯᠴᠠᠵᠤ᠂ ᠮᠠᠰᠢ ᠡᠶ᠎ᠡ ᠨᠠᠶᠢᠷᠲᠠᠢ ᠠᠮᠢᠳᠤᠷᠠᠳᠠᠭ᠃ | ᠬᠦᠳᠡᠭᠡ ᠮᠠᠯ ᠤᠨ ᠵᠠᠬ᠎ᠠ ᠳᠤ ᠦᠰᠦᠭᠰᠡᠨ ᠮᠤᠩᠭᠤᠯ ᠬᠡᠦᠬᠡᠨ ᠳᠠᠷᠢᠶ᠎ᠠ ᠳᠠᠷᠢᠵᠦ ᠴᠢᠳᠠᠭᠰᠠᠨ ᠮᠦᠷᠳᠡᠬᠡᠨ | ᠬᠤᠳᠠᠯᠳᠤᠭ᠎ᠠ ᠳᠡᠯᠬᠡᠬᠦᠷ᠂᠂ ᠬᠤᠭᠤᠯᠠᠨ ᠬᠡᠷ ᠡᠷᠬᠢᠯᠡᠨ ᠠᠷᠠᠯᠵᠢᠶ᠎ᠠ ᠬᠢᠵᠦ ᠴᠢᠳᠠᠬᠤ ᠪᠤᠯᠵᠡᠢ᠃ ︽ᠪᠢ ᠡᠷ᠎ᠠ ᠨᠦᠬᠦᠷ | ᠠᠴᠠ ᠪᠠᠨ ᠤᠯᠠᠨ ᠶᠠᠭᠤᠮ᠎ᠠ ᠵᠢᠭᠠᠯᠭᠠᠵᠦ ᠰᠤᠷᠤᠭᠰᠠᠨ᠂ ᠳᠡᠷᠡ ᠬᠡᠵᠢᠶᠡᠳᠡ ᠨᠠᠮᠠᠢᠢ ᠦᠭᠡᠳᠡᠯᠡᠨ ᠳᠠᠪᠰᠢᠬᠤ ᠳᠠᠯ᠎ᠠ | ᠪᠠᠷ ᠵᠤᠷᠢᠭᠵᠢᠭᠤᠯᠵᠤ ᠪᠠᠶᠢᠳᠠᠭ︾ ᠬᠡᠵᠦ ᠬᠠᠰᠬᠡᠷᠡᠯ ᠡᠷ᠎ᠠ ᠨᠦᠬᠦᠷ ᠢᠶᠠᠨ ᠮᠠᠭᠳᠠᠵᠦ ᠪᠠᠶᠢᠯ᠎ᠠ᠃ ᠳᠡᠬᠦᠨ ᠤ ᠰᠢᠨ᠎ᠠ | ᠶᠠᠭᠤᠮ᠎ᠠ ᠶᠢ ᠰᠤᠷᠴᠦ ᠰᠤᠳᠤᠯᠬᠤ ᠳᠤᠷᠠᠳᠠᠢ᠂ ᠬᠡᠵᠢᠶᠡᠳᠡ ᠴᠢᠷᠮᠠᠶᠢᠯᠳᠠ ᠪᠠᠶᠢᠳᠠᠭ ᠨᠢ ᠠᠵᠢᠯ ᠦᠢᠯᠡᠰ ᠢ ᠨᠢ ᠰᠢᠨ᠎ᠠ | ᠠᠬᠢᠴᠠ ᠳᠤ ᠬᠦᠷᠭᠡᠭᠰᠡᠨ ᠶᠤᠮ᠃ | | | | | | | | | | | | | | ᠸᠠᠩ ᠴᠢᠤᠸᠠᠨ ᠰᠢᠶᠠᠨ ᠬᠠᠰᠬᠡᠷᠡᠯ 2013 ᠣᠨ ᠳᠤ ᠳ᠋ᠧ ᠮᠢᠨ ᠬᠤᠷᠰᠢᠶᠠᠵᠢᠯ ᠢ ᠪᠠᠶᠢᠭᠤᠯᠵᠤ᠂ ᠠᠳᠠᠯ ᠪᠣᠰᠬᠠᠬᠤ | ᠠᠩᠬᠠᠨ ᠤ ᠶᠠᠪᠤᠴᠠ ᠪᠠᠨ ᠠᠮᠵᠢᠯᠳᠠᠳᠠᠢ ᠦᠩᠭᠡᠷᠡᠭᠡᠭᠰᠡᠨ ᠤ ᠳᠠᠷᠠᠭ᠎ᠠ᠂ ᠬᠠᠰᠬᠡᠷᠡᠯ ᠬᠤᠷᠰᠢᠶᠠᠵᠢᠯ ᠤᠨ ᠬᠡᠷᠡᠭ | ᠡᠷᠬᠢᠯᠡᠭᠴᠢᠳ ᠤᠨ ᠳᠠᠷᠤᠭ᠎ᠠ ᠪᠤᠯᠵᠡᠢ᠃ ᠬᠠᠰᠬᠡᠷᠡᠯ ᠬᠠᠨᠢ ᠨᠦᠬᠦᠷ ᠤᠨ ᠢᠶᠠᠨ ᠬᠠᠪᠰᠤᠷᠤᠯᠭ᠎ᠠ ᠳᠡᠮᠵᠢᠯᠬᠡ ᠪᠠᠷ | ᠬᠤᠷᠰᠢᠶᠠᠵᠢᠯ ᠢᠶᠠᠨ ᠦᠬᠡᠳᠡᠯᠡᠬᠦᠯᠦᠨ ᠬᠦᠭᠵᠢᠬᠦᠯᠵᠦ᠂ ᠦᠪᠡᠷ ᠤᠨ ᠤᠬᠠᠭᠠᠨ ᠴᠢᠳᠠᠪᠤᠷᠢ ᠪᠠᠨ ᠬᠦᠢᠴᠡᠳ | ᠢᠯᠡᠷᠡᠬᠦᠯᠵᠦ ᠴᠢᠳᠠᠪᠠ᠃ 2018 ᠣᠨ ᠳᠤ᠂ ᠬᠠᠰᠬᠡᠷᠡᠯ ᠲᠥᠷᠥᠯ ᠵᠦᠢᠯ ᠤᠨ ᠭᠤᠶᠤᠴᠢᠯᠠᠯ ᠢᠶᠠᠷ ᠳᠡᠮᠵᠢᠨ | ᠤᠨᠳᠤᠷᠤᠯᠳᠤ ᠪᠠᠯᠭᠠᠰᠤᠨ ᠤ 2 ᠭᠠᠴᠠᠭ᠎ᠠ ᠲᠠᠢ ᠶᠠᠳᠠᠭᠤ ᠶᠢ ᠲᠡᠳᠬᠦᠬᠦ ᠬᠡᠯᠡᠯᠴᠡᠭᠡᠷ ᠲᠣᠭᠲᠠᠵᠤ᠂ ᠪᠠᠯᠠ ᠮᠥᠩᠭᠦ ᠪᠠᠷ | ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠠᠵᠤ ᠦᠢᠯᠡᠰ ᠢ ᠲᠡᠳᠬᠦᠬᠦ ᠲᠥᠷᠥᠯ ᠵᠦᠢᠯ ᠤᠨ ᠪᠠᠯᠠ ᠮᠥᠩᠭᠦ ᠶᠢ | ᠬᠤᠷᠰᠢᠶᠠᠵᠢᠯ ᠳᠤ ᠬᠤᠪᠢ ᠣᠷᠣᠭᠤᠯᠵᠤ᠂ ᠤᠷᠤᠭᠤᠯᠤᠭᠰᠠᠨ ᠪᠠᠯᠠ ᠮᠥᠩᠭᠦ ᠶᠢᠨ 12 % ᠤᠨ ᠬᠠᠷᠢᠴᠠᠯ ᠢᠶᠠᠷ ᠵᠢᠯ | ᠪᠦᠷᠢ ᠡᠷᠦᠬᠡ ᠳᠤ ᠰᠢᠭᠤᠳ ᠨᠥᠬᠦᠪᠥᠷᠢᠯᠡᠭᠦᠯᠬᠦ ᠠᠷᠭ᠎ᠠ ᠪᠠᠷ 3 ᠵᠢᠯ ᠤᠨ ᠬᠤᠭᠤᠴᠠᠭ᠎ᠠ ᠲᠠᠢ ᠠᠰᠢᠭ ᠬᠤᠪᠢᠶᠠᠷᠢᠯᠠᠵᠤ | ᠂ ᠨᠡᠶᠢᠲᠡ 46 ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠬᠦ ᠶᠢᠨ ᠬᠠᠮᠲᠤ ᠬᠡᠰᠡᠭ ᠬᠥᠮᠦᠰ ᠲᠤ | ᠠᠵᠢᠯ ᠤᠨ ᠪᠠᠶᠢᠷᠢ ᠬᠠᠩᠭᠠᠪᠠ᠃ ᠳᠡᠬᠡᠬᠡᠳ ᠵᠢᠯ ᠪᠦᠷᠢ ᠪᠠᠰᠠ ᠵᠡᠮᠳᠡᠭᠴᠦᠳ ᠲᠤ ᠡᠮ ᠡᠮᠨᠡᠯᠭᠡ ᠶᠢᠨ ᠳᠠᠭᠠᠳᠬᠠᠯ ᠪᠠ | ᠨᠡᠶᠢᠭᠡᠮ ᠤᠨ ᠪᠠᠲᠤᠯᠠᠭ᠎ᠠ ᠶᠢᠨ ᠮᠥᠩᠭᠦ ᠲᠤᠰᠢᠶᠠᠬᠤ ᠶᠢᠨ ᠬᠠᠮᠲᠤ ᠪᠠᠰᠠ ᠵᠠᠷᠢᠮ ᠦᠨᠳᠦᠰᠦᠨ ᠠᠮᠢᠳᠤᠷᠠᠯ ᠤᠨ ᠵᠠᠷᠤᠳᠠᠯ | ᠳᠠᠷᠬᠠᠭᠠᠳᠠᠭ ᠪᠠᠶᠢᠨ᠎ᠠ᠃ 2018 ᠣᠨ ᠳᠤ᠂ ᠵᠡᠮᠳᠡᠭ ᠬᠦᠮᠦᠨ ᠠᠯᠲᠠᠨᠲᠤᠶᠠᠭ᠎ᠠ ᠬᠤᠷᠰᠢᠶᠠᠵᠢᠯ ᠳᠤ ᠭᠤᠷᠪᠠᠨ ᠰᠠᠷ᠎ᠠ | ᠭᠠᠷᠤᠶ ᠠᠵᠢᠯᠯᠠᠵᠤ᠂ 1 ᠲᠦᠮᠡ ᠭᠠᠷᠤᠶ ᠲᠥᠭᠦᠷᠢᠭ ᠤᠨ ᠴᠠᠯᠢᠩ ᠣᠯᠤᠭᠰᠠᠨ ᠪᠥᠭᠡᠳ ᠪᠠᠰᠠ ᠬᠤᠷᠰᠢᠶᠠᠵᠢᠯ ᠤᠨ | ᠵᠢᠯ ᠤᠨ ᠡᠴᠦᠰ ᠤᠨ ᠲᠣᠬᠤᠨᠢᠭᠤᠯᠬᠤ ᠪᠣᠳᠠᠰ ᠢ ᠤᠯᠤᠭᠠᠳ᠄ ︽ᠪᠢ ᠢᠷᠡᠬᠦ ᠵᠢᠯ ᠪᠠᠰᠠ ᠬᠤᠷᠰᠢᠶᠠᠵᠢᠯ ᠳᠤ | ᠦᠷᠭᠦᠯᠵᠢᠯᠡᠨ ᠠᠵᠢᠯᠯᠠᠨ᠎ᠠ︾ ᠭᠡᠵᠦ ᠪᠠᠶᠢᠵᠡᠢ᠃ 2019 ᠣᠨ ᠤ ᠡᠬᠢ ᠪᠠᠷ᠂ ᠬᠤᠷᠰᠢᠶᠠᠵᠢᠯ ᠨᠢ ᠬᠢᠲᠠᠳ ᠡᠮ ᠤᠨ | ᠮᠠᠲ᠋ᠧᠷᠢᠶᠠᠯ ᠪᠣᠯᠪᠠᠰᠤᠷᠠᠭᠤᠯᠬᠤ ᠦᠢᠯᠡᠳᠪᠦᠷᠢ ᠶᠢ ᠡᠬᠢᠯᠡᠭᠦᠯᠵᠦ᠂ ᠲᠤᠬᠠᠶ ᠶᠢᠨ ᠭᠠᠵᠠᠷ ᠤᠨ ᠳᠠᠯ᠎ᠠ ᠭᠠᠷᠤᠶ | ᠲᠣᠰᠬᠤᠨ ᠤ ᠠᠷᠠᠳ ᠤᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠭᠰᠡᠨ ᠪᠥᠭᠡᠳ ᠭᠠᠴᠠᠭᠠᠨ ᠤ | ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠪᠠ᠃ 2021 ᠣᠨ ᠳᠤ 360 ᠲᠦᠮᠡᠨ ᠲᠥᠭᠦᠷᠢᠭ ᠤᠨ ᠪᠡᠯᠡ | ᠣᠷᠣᠭᠤᠯᠵᠤ 600 ᠲᠣᠨ ᠡᠷᠳᠡᠨᠢ ᠰᠢᠰᠢ ᠬᠠᠳᠠᠭᠠᠬᠤ ᠰᠤᠪᠤᠷᠭ᠎ᠠ ᠶᠢ ᠪᠠᠶᠢᠭᠤᠯᠤᠨ᠂ ᠬᠢᠲᠠᠳ ᠡᠮ ᠤᠨ | ᠮᠠᠲ᠋ᠧᠷᠢᠶᠠᠯ ᠤᠨ ᠬᠡᠷᠴᠢᠮᠡᠯ ᠢ ᠪᠣᠯᠪᠠᠰᠤᠷᠠᠭᠤᠯᠬᠤ ᠦᠢᠯᠡᠳᠪᠦᠷᠢ ᠶᠢᠨ ᠢᠶᠠᠨ ᠳᠤᠨᠤᠭ ᠳᠦᠬᠦᠬᠡᠷᠦᠮᠵᠢ ᠶᠢ ᠰᠢᠨᠡᠳᠬᠡᠨ | ᠪᠦᠷᠢᠳᠦᠬᠦᠯᠵᠦ᠂ ︽ᠳᠠᠷᠢᠵᠤ ᠲᠡᠵᠢᠭᠡᠬᠦ ᠡᠳ᠋ᠰᠢᠭᠦᠯᠬᠦ︾ ᠶᠢ ᠤᠶᠠᠯᠳᠤᠭᠤᠯᠤᠭᠰᠠᠨ ᠵᠠᠮ ᠢᠶᠠᠷ ᠠᠵᠢᠯ ᠦᠢᠯᠡᠰ ᠢᠶᠠᠨ | ᠡᠬᠢᠯᠡᠬᠦᠯᠪᠡ᠃ ᠤᠳᠤ ᠪᠤᠯᠬᠤ ᠳᠤ ᠬᠤᠷᠰᠢᠶᠠᠵᠢᠯ ᠨᠢ 54 ᠬᠡᠰᠢᠬᠦᠨ ᠲᠠᠢ᠂ ᠳᠠᠷᠢᠶᠠᠯᠠᠩ ᠤᠨ ᠬᠡᠷᠡᠭᠰᠡᠯ᠂ | ᠳᠠᠷᠢᠶᠠᠯᠠᠩ ᠤᠨ ᠪᠦᠳᠦᠬᠡᠭᠳᠡᠬᠦᠨ ᠢ ᠬᠤᠷᠢᠶᠠᠵᠦ ᠪᠤᠷᠤᠯᠠᠭᠤᠯᠬᠤ᠂ ᠳᠠᠷᠢᠮᠡᠯ ᠳᠠᠷᠢᠵᠦ ᠡᠳ᠋ᠰᠢᠬᠦᠯᠵᠦ ᠪᠤᠯᠪᠠᠰᠤᠷᠠᠭᠤᠯᠤᠨ | ᠬᠤᠳᠠᠯᠳᠤᠬᠤ᠂ ᠡᠮ ᠤᠨ ᠮᠠᠲ᠋ᠧᠷᠢᠶᠠᠯ ᠢ ᠳᠠᠷᠢᠵᠦ ᠪᠤᠯᠪᠠᠰᠤᠷᠠᠭᠤᠯᠵᠤ ᠬᠤᠳᠠᠯᠳᠤᠬᠤ᠂ ᠳᠠᠷᠢᠶᠠᠯᠠᠩ ᠤᠨ ᠮᠠᠰᠢᠨ ᠤ | ᠦᠢᠯᠡᠴᠢᠯᠡᠭᠡ᠂ ᠮᠠᠯ ᠠᠵᠤ ᠠᠬᠤᠢ ᠶᠢᠨ ᠮᠠᠰᠢᠨᠴᠢᠯᠠᠯᠳᠠ ᠶᠢᠨ ᠦᠢᠯᠡᠴᠢᠯᠡᠭᠡ ᠵᠢᠴᠢ ᠳᠡᠵᠢᠬᠡᠨ ᠦᠷᠡᠵᠢᠬᠦᠯᠬᠦ | ᠳᠦᠷᠦᠯ ᠵᠦᠢᠯ ᠢ ᠡᠵᠡᠩᠨᠡᠵᠦ᠂ ᠵᠢᠯ ᠤᠨ ᠡᠵᠡᠩᠨᠡᠯᠳᠡ ᠶᠢᠨ ᠡᠷᠬᠢᠯᠳᠡ ᠶᠢᠨ ᠮᠦᠩᠬᠦ ᠨᠢ ᠳ᠋ᠦᠩᠰᠢᠭᠤᠷ ᠲᠦᠬᠦᠷᠢᠭ | ᠲᠤ ᠬᠦᠷᠦᠭᠰᠡᠨ ᠪᠠᠶᠢᠨ᠎ᠠ᠃ | | | | | | | | ᠬᠠᠰᠬᠡᠷᠡᠯ ᠵᠣᠯ ᠵᠢᠷᠭᠠᠯᠲᠤ ᠭᠡᠷ ᠪᠦᠯᠢ ᠨᠢ ᠨᠤᠲᠤᠭ ᠤᠨ ᠬᠥᠮᠦᠰ ᠲᠠᠢ ᠪᠠᠨ ᠡᠶ᠎ᠡ ᠨᠠᠢᠷᠲᠠᠢ ᠬᠠᠷᠢᠯᠴᠠᠬᠤ ᠠᠴᠠ | ᠰᠠᠯᠵᠤ ᠴᠢᠳᠠᠬᠤ ᠦᠭᠡᠢ ᠬᠡᠵᠦ ᠦᠵᠡᠳᠡᠭ᠃᠃ ᠳᠡᠷᠡ ᠠᠶᠢᠯ ᠰᠠᠭᠠᠬᠠᠯᠳᠠ ᠶᠢᠨ ᠬᠢᠨ ᠤ ᠠᠯᠢ ᠨᠢᠬᠡᠨ ᠨᠢ | ᠬᠦᠴᠢᠷᠳᠡᠯ ᠲᠠᠢ ᠪᠣᠯᠪᠠᠯ᠂ ᠬᠠᠯᠠᠭᠤᠨ ᠭᠠᠷ ᠢᠶᠠᠨ ᠰᠤᠩᠭᠠᠵᠦ ᠳᠤᠰᠠᠯᠠᠵᠦ ᠪᠠᠶᠢᠳᠠᠭ᠃ ᠨᠢᠬᠡ ᠵᠢᠯ ᠤᠨ ᠴᠠᠭᠠᠨ ᠰᠠᠷ᠎ᠠ | ᠠᠴᠠ ᠡᠮᠦᠨᠡᠬᠡᠨ᠃ ᠰᠢᠨᠡᠯᠡᠬᠦ ᠠᠴᠠ ᠡᠮᠦᠨ᠎ᠡ 3 ᠡᠳᠦᠷ ᠲᠤ᠂ ᠬᠤᠷᠰᠢᠶᠠᠵᠢᠯ ᠤᠨ ᠠᠵᠢᠯᠲᠠᠨ ᠭᠦᠸᠧ ᠣᠪᠣᠭᠲᠤ | ᠥᠪᠡᠷ ᠤᠨ ᠭᠡᠷ ᠲᠡᠭᠡᠨ ᠬᠢᠴᠢᠶᠡᠮᠵᠢ ᠦᠭᠡᠢ ᠠᠴᠠ ᠪᠣᠯᠵᠤ ᠰᠢᠷᠬᠠᠳᠤᠵᠤ᠂ ᠨᠢᠭᠡ ᠡᠪᠦᠯ ᠤᠨ ᠣᠯᠤᠭᠰᠠᠨ | ᠴᠠᠯᠢᠩ ᠢᠶᠠᠨ ᠪᠦᠷ ᠡᠮᠨᠡᠯᠭᠡ ᠶᠢᠨ ᠵᠠᠷᠤᠳᠠᠯ ᠳᠤ ᠣᠷᠣᠭᠤᠯᠵᠠᠶ᠃ ᠬᠠᠰᠬᠡᠷᠡᠯ ᠮᠡᠳᠡᠭᠰᠡᠨ ᠤ ᠳᠠᠷᠠᠭ᠎ᠠ᠂ ᠭᠦᠸᠧ | ᠣᠪᠣᠭᠲᠤ ᠶᠢ ᠬᠠᠪᠰᠤᠷᠤᠨ ᠳᠠᠭᠠᠳᠬᠠᠯ ᠤᠨ ᠺᠣᠮᠫᠠᠨᠢ ᠲᠠᠢ ᠬᠠᠷᠢᠯᠴᠠᠵᠤ ᠬᠡᠷᠡᠭ ᠮᠡᠳᠡᠬᠦᠯᠦᠨ᠂ ᠳᠠᠩᠰᠠ ᠲᠠᠶᠢᠯᠬᠤ | ᠭᠠᠷ ᠭᠦᠢᠴᠡᠳᠬᠡᠯ ᠢ ᠨᠢ ᠪᠡᠯᠡᠳᠬᠡᠵᠦ ᠦᠭᠬᠦᠭᠰᠡᠨ ᠪᠦᠬᠡᠳ ᠬᠡᠷ ᠲᠤ ᠨᠢ ᠤᠴᠢᠵᠦ ᠪᠤᠯᠭᠤᠭᠠᠨ ᠳᠤᠬᠤᠨᠢᠭᠤᠯᠤᠭᠰᠠᠨ | ᠪᠠᠶᠢᠪᠠ᠃ ᠡᠨᠡ ᠬᠡᠳᠦᠨ ᠵᠢᠯ ᠳᠤ᠂ ᠬᠤᠷᠰᠢᠶᠠᠵᠢᠯ ᠤᠨ ᠬᠥᠭᠵᠢᠯᠲᠡ ᠰᠠᠶᠢᠨ᠂ ᠠᠮᠢᠳᠤᠷᠠᠯ ᠰᠠᠶᠢᠨ ᠪᠣᠯᠤᠭᠰᠠᠨ | ᠬᠠᠰᠬᠡᠷᠡᠯ ᠲᠡᠭᠦᠨ ᠢ ᠳᠡᠮᠵᠢᠭᠰᠡᠨ ᠨᠤᠲᠤᠭ ᠤᠨ ᠠᠬ᠎ᠠ ᠳᠡᠭᠦᠦ ᠨᠡᠷ ᠢᠶᠠᠨ ᠮᠠᠷᠲᠠᠭ᠎ᠠ ᠦᠭᠡᠢ᠂ ᠳᠡᠷᠡ ᠤᠨᠢᠨ | ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠤᠨ ᠰᠡᠳᠬᠢᠴᠡ᠂ ᠭᠠᠷᠬᠤ ᠵᠠᠮ ᠢ ᠡᠷᠢᠯᠬᠢᠯᠡᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃ ᠳᠡᠬᠦᠨ | ᠤ ᠬᠤᠷᠰᠢᠶᠠᠵᠢᠯ ᠨᠢ ᠪᠠᠶᠢᠭᠤᠯᠤᠭᠳᠠᠭᠰᠠᠨ ᠠᠴᠠ ᠨᠠᠰᠢ᠂ ᠭᠠᠴᠠᠭᠠᠨ ᠤ ᠵᠡᠮᠳᠡᠭ ᠬᠥᠮᠦᠨ᠂ ᠶᠠᠳᠠᠭᠤ ᠬᠦᠴᠢᠷᠳᠡᠯᠲᠡᠶ | 40 ᠭᠠᠷᠤᠶ ᠬᠥᠮᠦᠨ ᠢ ᠬᠠᠪᠰᠤᠷᠤᠨ ᠠᠵᠢᠯ ᠣᠯᠭᠤᠵᠤ᠂ ᠬᠥᠮᠦᠨ ᠳᠤᠮᠳᠠᠴᠢ ᠪᠠᠷ ᠡᠳᠦᠷ ᠪᠦᠷᠢ 130 | ᠲᠥᠭᠦᠷᠢᠭ ᠤᠨ ᠬᠥᠳᠡᠯᠮᠦᠷᠢ ᠬᠦᠴᠦᠨ ᠤ ᠬᠥᠯᠥᠰᠥ ᠣᠯᠭᠤᠮᠵᠢ ᠤᠯᠪᠠ᠃ ᠳᠦᠷᠦᠯ ᠵᠦᠢᠯ ᠢᠶᠠᠷ ᠳᠠᠮᠵᠢᠨ ᠲᠣᠰ | ᠭᠠᠴᠠᠭ᠎ᠠ ᠵᠢᠴᠢ ᠡᠷᠬᠢᠨ ᠲᠣᠭᠤᠷᠢᠨ ᠤ 160 ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ | ᠤᠷᠢᠳ ᠬᠤᠵᠢᠳ ᠨᠡᠶᠢᠲᠡ 208 ᠲᠦᠮᠡᠨ ᠲᠥᠭᠦᠷᠢᠭ ᠤᠨ ᠠᠰᠢᠭ ᠬᠤᠪᠢᠶᠠᠷᠢᠯᠠᠭᠰᠠᠨ ᠪᠠᠶᠢᠨ᠎ᠠ᠃ | | | | | ᠬᠠᠰᠭᠡᠷᠡᠯ ᠤᠨ ᠬᠡᠷ ᠤᠳᠤ ᠳᠤᠯᠤᠭᠠᠨ ᠠᠮᠠ ᠪᠦᠯᠢ ᠲᠠᠢ᠂ ᠬᠥᠪᠡᠭᠦᠨ ᠨᠢ ᠤᠨᠳᠤᠷᠤᠯᠳᠦ ᠪᠠᠯᠭᠠᠰᠤᠨ ᠤ ᠤᠢ | ᠰᠢᠭᠤᠢ ᠶᠢᠨ ᠠᠵᠢᠯ ᠤᠨ ᠦᠷᠳᠡᠭᠡ ᠳᠤ ᠠᠵᠢᠯᠯᠠᠵᠤ᠂ 2015 ᠤᠨ ᠳᠤ ᠬᠤᠷᠢᠮᠯᠠᠵᠦ ᠤᠳᠦ ᠬᠤᠶᠠᠷ ᠬᠡᠦᠬᠡᠳ | ᠲᠠᠢ᠃ ᠦᠬᠢᠨ ᠨᠢ ᠭᠠᠳᠠᠭᠠᠳᠤ ᠳᠤ ᠰᠤᠷᠤᠯᠴᠠᠵᠦ ᠪᠠᠶᠢᠳᠠᠭ᠃ ᠬᠡᠦᠬᠡᠳ ᠤᠳ ᠨᠢ ᠮᠠᠰᠢ ᠤᠬᠠᠭᠠᠨ ᠲᠠᠢ᠂ ᠠᠵᠢᠯ | ᠰᠤᠷᠤᠯᠭ᠎ᠠ ᠳᠠᠭᠠᠨ ᠶᠠᠭᠠᠷᠠᠨ ᠵᠠᠯᠭᠠᠭ᠎ᠠ ᠬᠠᠷᠢᠵᠦ ᠢᠷᠡᠵᠦ ᠳᠡᠶᠢᠯᠬᠦ ᠦᠬᠡᠢ ᠴᠦ ᠠᠪᠤ ᠡᠵᠢ ᠲᠠᠢ ᠪᠠᠨ ᠬᠡᠵᠢᠶᠡᠳᠡ | ᠬᠠᠷᠢᠴᠠᠨ᠂ ᠠᠰᠠᠭᠤᠵᠤ ᠪᠤᠯᠭᠤᠭᠠᠨ᠂ ᠬᠡᠷ ᠪᠦᠯᠢ ᠶᠢᠨ ᠬᠠᠯᠠᠭᠤᠨ ᠳᠤᠯᠠᠭᠠᠨ ᠠᠭᠤᠷ ᠠᠮᠢᠰᠬᠤᠯ ᠢ ᠪᠢᠯᠬᠠᠭᠤᠯᠵᠤ᠂ | ᠬᠠᠷᠢᠵᠦ ᠢᠷᠡᠪᠡᠯ ᠬᠡᠷ ᠤᠨ ᠠᠵᠢᠯ ᠢᠶᠠᠨ ᠬᠤᠪᠢᠳᠠᠨ ᠡᠭᠦᠷᠭᠡᠯᠡᠵᠦ᠂ ᠶᠠᠭᠠᠷᠠᠦ ᠦᠶ᠎ᠡ ᠳᠤ ᠳᠠᠷᠢᠶᠠᠨ ᠠᠵᠢᠯ ᠢ ᠴᠦ | ᠬᠠᠪᠰᠤᠷᠤᠨ᠂ ᠬᠤᠶᠠᠷ ᠬᠦᠭᠰᠢᠨ ᠢᠶᠠᠨ ᠠᠯᠢ ᠪᠤᠯᠬᠤ ᠪᠠᠷ ᠠᠮᠠᠷᠠᠭᠠᠨ ᠠᠴᠢᠯᠠᠵᠦ ᠪᠠᠶᠢᠳᠠᠭ ᠠᠵᠢ᠃ ᠬᠠᠰᠬᠡᠷᠡᠯ | ᠬᠡᠵᠢᠶᠡᠳᠡ ᠦᠷ᠎ᠠ ᠬᠡᠦᠬᠡᠳ ᠢᠶᠠᠨ ᠠᠵᠢᠯᠴᠢ ᠠᠷᠪᠢᠴᠢ ᠪᠠᠷ ᠠᠵᠤ ᠲᠥᠷᠥᠵᠦ᠂ ᠨᠠᠰᠤᠲᠠᠨ ᠢᠶᠠᠨ ᠬᠦᠨᠳᠦᠯᠡᠵᠦ | ᠨᠢᠯᠬᠠᠰ ᠢᠶᠠᠨ ᠬᠠᠶᠢᠷᠠᠯᠠᠵᠤ᠂ ᠡᠶ᠎ᠡ ᠡᠪᠳᠡᠢ ᠰᠠᠶᠢᠬᠠᠨ ᠠᠮᠢᠳᠤᠷᠠᠬᠤ ᠶᠢ ᠰᠤᠷᠭᠠᠳᠠᠭ ᠶᠤᠮ ᠪᠠᠶᠢᠨ᠎ᠠ᠃ ᠬᠠᠰᠬᠡᠷᠡᠯ | 2014 ᠤᠨ ᠳᠤ ᠤᠨᠳᠤᠷᠤᠯᠳᠤ ᠪᠠᠯᠭᠠᠰᠤᠨ ᠳᠤ ᠭᠠᠷᠮᠠᠭᠠᠢ ᠡᠮᠡᠭᠳᠡᠢ ᠠᠵᠤ ᠠᠬᠤᠶᠢᠯᠠᠯᠳᠠᠨ ᠢᠶᠠᠷ ᠱᠠᠩᠨᠠᠭᠳᠠᠵᠦ᠂ | 2015 ᠤᠨ ᠳᠤ ᠪᠦᠬᠦ ᠠᠶᠢᠮᠠᠭ ᠤᠨ ︽3.8︾ ᠶᠢᠨ ᠤᠯᠠᠭᠠᠨ ᠳᠤᠭᠴᠢ ᠪᠠᠷ ᠱᠠᠩᠨᠠᠭᠳᠠᠵᠦ᠂ ᠳᠡᠳᠡᠨ ᠤ ᠬᠡᠷ | ᠪᠦᠯᠢ ᠨᠢ 2013 ᠤᠨ ᠳᠤ ᠤᠨᠳᠤᠷᠤᠯᠳᠦ ᠪᠠᠯᠭᠠᠰᠤᠨ ᠤ ᠳᠠᠪᠤᠨ ᠰᠠᠶᠢᠳᠠᠢ ᠪᠤᠯᠪᠠᠰᠤᠨ ᠬᠡᠷ ᠪᠦᠯᠢ ᠪᠠᠷ᠂ | 2015 ᠤᠨ ᠳᠤ ᠠᠯᠠᠱᠠ ᠵᠡᠬᠦᠨ ᠬᠤᠰᠢᠭᠤᠨ ᠤ ᠭᠤᠶᠤ ᠰᠠᠶᠢᠬᠠᠨ ᠤᠷᠤᠨ ᠰᠠᠭᠤᠴᠠ ᠶᠢᠨ ᠳᠠᠭᠤᠷᠢᠶᠠᠯ ᠡᠷᠦᠬᠡ | ᠪᠠᠷ᠂ 2016 ᠤᠨ ᠳᠤ ᠠᠯᠠᠱᠠ ᠵᠡᠬᠦᠨ ᠬᠤᠰᠢᠭᠤᠨ ᠤ ᠬᠠᠮᠤᠭ ᠰᠠᠶᠢᠬᠠᠨ ᠭᠡᠷ ᠪᠦᠯᠢ᠂ ᠠᠯᠠᠱᠠ ᠠᠶᠢᠮᠠᠭ ᠤᠨ | ᠡᠶ᠎ᠡ ᠨᠠᠶᠢᠷ ᠲᠠᠢ ᠬᠡᠷ ᠪᠦᠯᠢ ᠪᠠᠷ᠂ 2019 ᠤᠨ ᠳᠤ ᠦᠪᠡᠷᠳᠡᠬᠡᠨ ᠵᠠᠰᠠᠬᠤ ᠤᠷᠤᠨ ᠤ ᠬᠠᠮᠤᠭ ᠰᠠᠶᠢᠬᠠᠨ ᠬᠡᠷ | ᠪᠦᠯᠢ ᠪᠠᠷ ᠰᠤᠩᠭᠤᠭᠳᠠᠵᠡᠢ᠃ | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |