ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠵᠠᠭᠤᠴᠢ ᠪᠠᠶᠢᠭᠤᠯᠤᠮᠵᠢ ᠲᠠᠩᠰᠠ ᠲᠡᠮᠳᠡᠭᠯᠡᠬᠦ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠭᠡᠬᠦ ᠬᠢᠨᠠᠨ ᠵᠥᠪᠰᠢᠶᠡᠷᠡᠬᠦ ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠲᠥᠰᠦᠯ
ᠨᠡᠶᠢᠲᠡᠯᠡᠭᠰᠡᠨ ᠴᠠᠭ᠄
2021/10/15
︽︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ 〔2021〕7 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠪᠠ ︽ᠥᠪᠡᠷᠲᠡᠭᠡᠨ ᠵᠠᠰᠠᠬᠤ ᠣᠷᠣᠨ ᠤ ︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ 〔2021〕4 ᠳ᠋ᠦ᠋ᠭᠡᠷ ᠲᠣᠭᠠᠲᠤ︶᠎ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠵᠢᠴᠢ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠳᠦᠷᠢᠮᠵᠢᠭᠰᠡᠨ᠂ ᠳᠡᠯᠡᠬᠡᠶᠢᠵᠢᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠲᠣᠰ ᠲᠥᠰᠦᠯ ᠢ ᠲᠣᠭᠲᠠᠭᠠᠪᠠ᠃ ᠨᠢᠭᠡ᠂ ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢᠨ ᠵᠦᠢᠯᠡᠰ ᠤᠨ ᠨᠡᠷᠡᠶᠢᠳᠦᠯ ᠪᠠ ᠥᠭᠡᠷᠡᠴᠢᠯᠡᠯᠲᠡ ᠶᠢᠨ ᠠᠷᠭ᠎ᠠ ᠮᠠᠶ᠋ᠢᠭ ᠵᠠᠭᠤᠴᠢ ᠪᠠᠶᠢᠭᠤᠯᠤᠮᠵᠢ ᠳᠠᠩᠰᠠ ᠲᠡᠮᠳᠡᠭᠯᠡᠬᠦ ᠲᠤᠬᠠᠶᠢᠯᠠᠭᠰᠠᠨ ᠠᠵᠢᠯ ᠢ ᠣᠷᠣᠯᠠᠨ ᠬᠢᠬᠦ ᠶᠢ ᠬᠢᠨᠠᠨ ᠵᠥᠪᠰᠢᠶᠡᠷᠡᠬᠦ ᠳᠤ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠬᠤᠶᠠᠷ᠂ ᠬᠠᠤᠯᠢ ᠴᠠᠭᠠᠵᠠ ᠶᠢᠨ ᠦᠨᠳᠦᠰᠦᠯᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠤᠳᠤᠬᠤ ᠠᠵᠢᠯ ᠤᠨ ᠬᠠᠤᠯᠢ︾᠂ ︽ᠣᠷᠣᠯᠠᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾᠃ ᠭᠤᠷᠪᠠ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠮᠡᠳᠡᠭᠳᠡᠬᠦ ᠪᠢᠴᠢᠭ ᠤᠨ ᠬᠡᠯᠪᠡᠷᠢᠵᠢᠭᠰᠡᠨ ᠪᠢᠴᠢᠭ ᠮᠠᠲ᠋ᠧᠷᠢᠶᠠᠯ ᠢ ᠲᠣᠭᠲᠠᠭᠠᠬᠤ ᠪᠥᠭᠡᠳ ᠨᠡᠶᠢᠲᠡᠯᠡᠵᠦ᠂ ᠭᠤᠶᠤᠴᠢᠯᠠᠭᠴᠢ ᠳᠤ ᠵᠥᠪᠰᠢᠶᠡᠷᠡᠬᠦ ᠨᠥᠬᠦᠴᠡᠯ ᠪᠠ ᠬᠡᠷᠡᠭᠰᠡᠬᠦ ᠮᠠᠲ᠋ᠧᠷᠢᠶᠠᠯ ᠢ ᠨᠢᠭᠡ ᠯᠡ ᠤᠳᠠᠭ᠎ᠠ ᠳᠤ ᠮᠡᠳᠡᠭᠳᠡᠨ᠎ᠡ᠃ ᠭᠤᠶᠤᠴᠢᠯᠠᠭᠴᠢ ᠶᠢᠨ ᠰᠠᠶᠢᠨ ᠳᠤᠷ᠎ᠠ ᠠᠴᠠ ᠪᠠᠨ ᠠᠮᠠᠯᠠᠯᠲᠠ ᠨᠢ ᠵᠥᠪᠰᠢᠶᠡᠷᠡᠬᠦ ᠨᠥᠬᠦᠴᠡᠯ ᠳᠤ ᠨᠡᠶᠢᠴᠡᠭᠰᠡᠨ ᠪᠥᠭᠡᠳ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠲᠤᠰᠢᠶᠠᠭᠰᠠᠨ ᠪᠣᠯ ᠲᠡᠷᠡ ᠳᠠᠷᠤᠶ ᠳᠤᠨᠢ ᠵᠥᠪᠰᠢᠶᠡᠷᠡᠬᠦ ᠲᠣᠭᠲᠠᠭᠠᠯ ᠭᠠᠷᠭᠠᠬᠤ ᠬᠡᠷᠡᠭᠲᠡᠶ᠃ ᠳᠥᠷᠪᠡ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ︵ᠨᠢᠭᠡ︶ ᠬᠡᠷᠡᠭ ᠶᠠᠪᠤᠳᠠᠯ ᠤᠨ ᠲᠤᠮᠳᠠᠬᠢ ᠬᠢᠨᠠᠨ ᠬᠠᠮᠢᠶᠠᠷᠤᠯᠲᠠ 1. ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠦᠭᠰᠡᠨ ᠬᠢᠨᠠᠨ ᠵᠥᠪᠰᠢᠶᠡᠷᠡᠬᠦ ᠵᠦᠢᠯᠡᠰ ᠲᠤ ᠪᠦᠬᠦᠨ ᠢ ᠬᠠᠮᠤᠷᠤᠭᠰᠠᠨ ᠵᠤᠷᠰᠢᠯᠲᠤ ᠪᠠᠶᠢᠴᠠᠭᠠᠯᠲᠠ ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠭᠰᠠᠨ ᠤ ᠳᠠᠷᠠᠭᠠᠬᠢ 60 ᠠᠵᠢᠯᠯᠠᠬᠤ ᠡᠳᠦᠷ ᠲᠤ ᠵᠤᠷᠰᠢᠯᠲᠤ ᠪᠠᠶᠢᠴᠠᠭᠠᠯᠲᠠ ᠶᠢ ᠪᠡᠶᠡᠯᠡᠭᠦᠯᠦᠨ᠎ᠡ᠂ ᠬᠡᠷᠪᠡ ᠪᠣᠳᠠᠲᠤ ᠪᠠᠶᠢᠳᠠᠯ ᠨᠢ ᠠᠮᠠᠯᠠᠯᠲᠠ ᠶᠢᠨ ᠠᠭᠤᠯᠭ᠎ᠠ ᠲᠠᠢ ᠪᠠᠨ ᠨᠡᠶᠢᠴᠡᠬᠦ ᠥᠬᠡᠶ ᠪᠠᠶᠢᠬᠤ ᠶᠢ ᠣᠯᠵᠤ ᠮᠡᠳᠡᠪᠡᠯ᠂ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠳᠡᠵᠦ ᠬᠠᠤᠯᠢ ᠶᠣᠰᠣᠭᠠᠷ ᠬᠢᠨᠠᠨ ᠵᠥᠪᠰᠢᠶᠡᠷᠡᠯ ᠢ ᠬᠦᠴᠦᠨ ᠥᠬᠡᠶ ᠪᠣᠯᠭᠠᠬᠤ ᠶᠢᠨ ᠬᠠᠮᠲᠤ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ᠃ 2. ᠣᠷᠣᠯᠠᠨ ᠳᠠᠩᠰᠠᠯᠠᠬᠤ ᠪᠠᠶᠢᠭᠤᠯᠤᠮᠵᠢ ᠵᠢᠴᠢ ᠲᠡᠭᠦᠨ ᠤ ᠬᠠᠷᠢᠭᠤᠴᠠᠯᠭᠠᠲᠠᠨ᠂ ᠣᠷᠣᠯᠠᠨ ᠳᠠᠩᠰᠠᠯᠠᠬᠤ ᠲᠤᠬᠠᠶᠢᠯᠠᠭᠰᠠᠨ ᠠᠵᠢᠯ ᠢ ᠣᠷᠣᠯᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠲᠡᠭᠦᠨ ᠤ ᠠᠵᠢᠯᠲᠠᠨ ᠲᠣᠭᠲᠠᠭᠠᠯ ᠠᠴᠠ ᠵᠥᠷᠢᠴᠡᠨ ᠬᠤᠳᠠᠯ ᠬᠠᠭᠤᠷᠮᠠᠭ ᠭᠤᠶᠤᠴᠢᠯᠠᠯ ᠤᠨ ᠮᠠᠲ᠋ᠧᠷᠢᠶᠠᠯ ᠭᠠᠷᠭᠠᠵᠤ ᠥᠭᠭᠦᠭᠰᠡᠨ ᠪᠠᠶᠢᠪᠠᠯ᠂ ᠰᠡᠷᠡᠮᠵᠢ ᠥᠭᠴᠦ᠂ ᠨᠢᠭᠲᠠᠯᠠᠨ ᠪᠤᠳᠤᠬᠤ ᠬᠦᠷᠢᠶᠡᠨ ᠳᠠᠬᠢ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠲᠡᠮᠳᠡᠭᠯᠡᠯ ᠳᠤ ᠲᠡᠮᠳᠡᠭᠯᠡᠨ ᠣᠷᠣᠭᠤᠯᠵᠤ᠂ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠨ᠎ᠡ᠃ ︵ᠬᠤᠶᠠᠷ︶ ᠬᠡᠷᠡᠭ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ 1. ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠬᠤ ᠶᠢ ᠥᠷᠨᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠠᠶᠢᠴᠠᠭᠠᠬᠤ ᠡᠲᠡᠭᠡᠳ ᠢ ᠲᠣᠬᠢᠶᠠᠯᠳᠤᠯ ᠢᠶᠠᠷ ᠰᠣᠩᠭᠤᠨ ᠭᠠᠷᠭᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠰᠣᠩᠭᠤᠨ ᠲᠣᠮᠢᠯᠠᠵᠤ᠂ ᠣᠷᠣᠯᠠᠨ ᠳᠠᠩᠰᠠᠯᠠᠬᠤ ᠪᠠᠶᠢᠭᠤᠯᠤᠮᠵᠢ ᠵᠢᠴᠢ ᠣᠷᠣᠯᠠᠨ ᠳᠠᠩᠰᠠᠯᠠᠬᠤ ᠲᠤᠬᠠᠶᠢᠯᠠᠭᠰᠠᠨ ᠠᠵᠢᠯ ᠡᠷᠭᠢᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠶ ᠳᠤᠨᠢ ᠨᠡᠶᠢᠲᠡᠯᠡᠨ᠎ᠡ᠃ 2. ᠣᠷᠣᠯᠠᠨ ᠲᠠᠩᠰᠠ ᠲᠡᠮᠳᠡᠭᠯᠡᠬᠦ ᠪᠠᠶᠢᠭᠤᠯᠤᠮᠵᠢ ᠶᠢᠨ ᠣᠨ ᠤ ᠪᠦᠷᠢᠳᠬᠡᠨ ᠳᠠᠩᠰᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠯᠠᠱᠠ ᠵᠡᠭᠦᠨ ᠬᠤᠰᠢᠭᠤ᠂ ᠬᠤᠶᠠᠷᠬᠤᠳᠳᠤᠭ ᠤᠨ ᠠᠮᠢ ᠠᠬᠤᠶ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠲᠣᠭᠤᠷᠢᠭ ᠵᠢᠴᠢ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠡᠪᠴᠢᠶᠡᠨ ᠳᠠᠬᠢ ᠡᠯ᠎ᠡ ᠣᠷᠣᠯᠠᠬᠤ ᠲᠠᠩᠰᠠ ᠲᠡᠮᠳᠡᠭᠯᠡᠬᠦ ᠪᠠᠶᠢᠭᠤᠯᠤᠮᠵᠢ ᠨᠤᠭᠤᠳ ︽ᠲᠠᠩᠰᠠ ᠲᠡᠮᠳᠡᠭᠯᠡᠬᠦ ᠶᠢ ᠣᠷᠣᠯᠠᠨ ᠭᠦᠢᠴᠡᠳᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾᠎ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠴᠠᠭ ᠲᠤᠬᠠᠶ ᠳᠤᠨᠢ ᠣᠨ ᠤ ᠳᠠᠩᠰᠠᠯᠠᠯ ᠬᠢᠬᠦ ᠬᠡᠷᠡᠭᠲᠡᠶ᠃ ᠲᠣᠭᠲᠠᠭᠰᠠᠨ ᠬᠤᠭᠤᠴᠠᠭᠠᠨ ᠳᠤ ᠣᠨ ᠤ ᠳᠡᠩᠰᠡᠯᠡᠯᠲᠡ ᠬᠢᠭᠰᠡᠨ ᠥᠬᠡᠶ ᠪᠠᠶᠢᠭᠤᠯᠤᠮᠵᠢ ᠶᠢ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠂ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠣᠷᠣᠯᠠᠨ ᠳᠠᠩᠰᠠᠯᠠᠬᠤ ᠪᠠᠶᠢᠭᠤᠯᠤᠮᠵᠢ ᠵᠢᠴᠢ ᠲᠡᠭᠦᠨ ᠤ ᠬᠠᠷᠢᠭᠤᠴᠠᠯᠭᠠᠲᠠᠨ ᠢ ᠭᠤᠤᠯᠳᠠᠯᠭ᠎ᠠ ᠲᠠᠢ ᠠᠩᠬᠠᠷᠬᠤ ᠨᠡᠷᠡᠰ ᠲᠤ ᠵᠢᠭᠰᠠᠭᠠᠨ ᠣᠷᠣᠭᠤᠯᠬᠤ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠵᠦ᠂ ᠬᠤᠯᠪᠣᠭᠳᠠᠯ ᠪᠥᠬᠦᠶ ᠡᠭᠦᠷᠭᠡ ᠪᠠᠨ ᠭᠦᠢᠴᠡᠳᠭᠡᠬᠦ ᠶᠢ ᠨᠢ ᠰᠠᠨᠠᠭᠤᠯᠤᠨ᠎ᠠ᠃ ᠲᠠᠩᠰᠠ ᠲᠡᠮᠳᠡᠭᠯᠡᠬᠦ ᠶᠢ ᠣᠷᠣᠯᠠᠨ ᠭᠦᠢᠴᠡᠳᠭᠡᠬᠦ ᠪᠠᠶᠢᠭᠤᠯᠤᠮᠵᠢ ᠵᠢᠴᠢ ᠲᠡᠭᠦᠨ ᠤ ᠬᠠᠷᠢᠭᠤᠴᠠᠯᠭᠠᠲᠠᠨ᠂ ᠲᠠᠩᠰᠠ ᠲᠡᠮᠳᠡᠭᠯᠡᠬᠦ ᠶᠢ ᠣᠷᠣᠯᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠵᠢᠴᠢ ᠲᠡᠭᠦᠨ ᠤ ᠠᠵᠢᠯᠲᠠᠨ ᠲᠣᠭᠲᠠᠭᠠᠯ ᠠᠴᠠ ᠵᠥᠷᠢᠴᠡᠨ ᠬᠤᠳᠠᠯ ᠬᠠᠭᠤᠷᠮᠠᠭ ᠳᠠᠩᠰᠠᠯᠠᠭᠤᠯᠤᠭᠰᠠᠨ ᠮᠠᠲ᠋ᠧᠷᠢᠶᠠᠯ ᠭᠠᠷᠭᠠᠵᠤ ᠥᠭᠭᠦᠭᠰᠡᠨ ᠪᠠᠶᠢᠪᠠᠯ᠂ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠰᠡᠷᠡᠮᠵᠢ ᠥᠭᠴᠦ᠂ ᠨᠢᠭᠲᠠᠯᠠᠨ ᠪᠤᠳᠤᠬᠤ ᠬᠦᠷᠢᠶᠡᠨ ᠳᠠᠬᠢ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠲᠡᠮᠳᠡᠭᠯᠡᠯ ᠳᠤ ᠲᠡᠮᠳᠡᠭᠯᠡᠨ ᠣᠷᠣᠭᠤᠯᠵᠤ᠂ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠨ᠎ᠡ᠃ ᠲᠠᠪᠤ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号