ᠭᠠᠳᠠᠷ ᠮᠤᠵᠢ ᠶᠢᠨ ᠵᠢᠭᠤᠯᠴᠢᠯᠠᠭᠴᠢᠳ ᠤᠨ ᠪᠥᠭᠡᠮ ᠬᠦᠴᠢᠯ ᠤᠨ ᠰᠢᠨᠵᠢᠯᠡᠭᠡᠨ ᠤ ᠬᠠᠷᠢᠭᠤ ᠳᠤ ᠡᠶᠡᠷᠡᠬᠦ ᠭᠠᠷᠤᠭᠰᠠᠨ ᠲᠣᠬᠢᠶᠠᠯᠳᠤᠯ ᠲᠠᠢ ᠬᠠᠪᠢᠳᠠᠭᠰᠠᠨ ᠬᠥᠮᠦᠰ ᠢ ᠨᠠᠷᠢᠪᠴᠢᠯᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2021/10/18
10 ᠳ᠋ᠤᠭᠠᠷ ᠰᠠᠷ᠎ᠠ ᠶᠢᠨ 17᠎ ᠤ ᠡᠳᠦᠷ᠂ ᠱᠠᠨᠰᠢ ᠮᠤᠵᠢ ᠮᠤᠵᠢ ᠶᠢᠨ 2 ᠵᠢᠭᠤᠯᠴᠢᠯᠠᠭᠴᠢ ᠶᠢᠨ ᠪᠥᠭᠡᠮ ᠬᠦᠴᠢᠯ ᠤᠨ ᠰᠢᠨᠵᠢᠯᠡᠭᠡᠨ ᠤ ᠬᠠᠷᠢᠭᠤ ᠨᠢ ᠡᠶᠡᠷᠭᠦ ᠭᠠᠷᠴᠠᠢ᠃ ᠮᠥᠨ 10 ᠳ᠋ᠤᠭᠠᠷ ᠰᠠᠷ᠎ᠠ ᠶᠢᠨ 18᠎ ᠤ ᠡᠳᠦᠷ ᠢᠷᠭᠠᠢ ᠬᠤᠲᠠ ᠶᠢᠨ ᠡᠮᠦᠨᠡᠬᠢ ᠲᠣᠬᠢᠶᠠᠯᠳᠤᠯ ᠲᠠᠢ ᠬᠥᠮᠦᠰ ᠲᠠᠢ ᠣᠶᠢᠷ᠎ᠠ ᠬᠠᠪᠢᠳᠠᠭᠰᠠᠨ ᠬᠥᠮᠥᠰ ᠤᠨ ᠪᠥᠭᠡᠮ ᠬᠦᠴᠢᠯ ᠤᠨ ᠰᠢᠨᠵᠢᠯᠡᠭᠡᠨ ᠤ ᠬᠠᠷᠢᠭᠤ ᠨᠢ ᠪᠠᠰᠠ ᠡᠶᠡᠷᠭᠦ ᠭᠠᠷᠴᠠᠢ᠃ ᠮᠠᠨ ᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠤᠷᠢ ᠡᠷᠡᠰᠳᠡᠯ ᠢ ᠪᠦᠲᠦᠮᠵᠢᠲᠡᠶ ᠬᠢᠵᠠᠭᠠᠷᠯᠠᠬᠤ ᠪᠠ ᠪᠠᠭᠠᠰᠬᠠᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠵᠠᠷᠯᠠᠯ ᠢ ᠨᠡᠶᠢᠲᠡᠯᠡᠪᠡ᠃ ᠨᠢᠭᠡ᠂ ᠣᠨᠣᠰᠢᠯᠠᠭᠰᠠᠨ ᠲᠣᠬᠢᠶᠠᠯᠳᠤᠯ ᠤᠨ ᠶᠠᠪᠤᠵᠤ ᠰᠠᠭᠤᠭᠰᠠᠨ ᠵᠠᠮ ᠮᠥᠷ ︵ᠨᠢᠭᠡ︶ ᠱᠠᠨᠰᠢ ᠮᠤᠵᠢ ᠶᠢᠨ 2 ᠵᠢᠭᠤᠯᠴᠢᠯᠠᠭᠴᠢ ᠶᠢᠨ ᠶᠠᠪᠤᠵᠤ ᠰᠠᠭᠤᠭᠰᠠᠨ ᠵᠠᠮ ᠮᠥᠷ ᠶᠠᠨ ᠣᠪᠣᠭᠲᠤ᠂ ᠡᠮᠡᠭᠲᠡᠶ᠂ 62 ᠨᠠᠰᠤᠲᠠᠶ︔ ᠵᠢᠶᠠᠩ ᠣᠪᠣᠭᠲᠤ᠂ ᠡᠷᠡᠭᠲᠡᠶ᠂ 65 ᠨᠠᠰᠤᠲᠠᠶ᠂ ᠬᠤᠶᠠᠭᠤᠯᠠ ᠪᠠᠨ ᠬᠠᠨᠢ ᠨᠥᠬᠦᠷ ᠤᠨ ᠬᠠᠷᠢᠴᠠᠭ᠎ᠠ ᠲᠠᠢ᠃ 10 ᠳ᠋ᠤᠭᠠᠷ ᠰᠠᠷ᠎ᠠ ᠶᠢᠨ 11᠎ ᠤ ᠡᠳᠦᠷ᠂ ᠦᠳᠡ ᠶᠢᠨ ᠡᠮᠦᠨ᠎ᠡ ᠭᠠᠨᠰᠦ ᠮᠤᠵᠢ ᠶᠢᠨ ᠵᠢᠦᠴᠢᠦᠸᠠᠨ ᠬᠤᠲᠠ ᠶᠢᠨ ᠶᠢᠨ ᠲᠠ ᠰᠢᠶᠠᠨ ᠤ ᠲᠤᠤᠷᠠᠢ ᠶᠢᠨ ᠤᠢ ᠪᠠᠷ 2 ᠴᠠᠭ ᠬᠢᠷᠢᠲᠡᠢ ᠵᠤᠭᠠᠴᠠᠭᠰᠠᠨ ᠤ ᠳᠠᠷᠠᠭ᠎ᠠ ᠲᠡᠨᠳᠡ ᠎ ᠠᠴᠠ ᠰᠠᠯᠵᠦ᠂ ᠬᠠᠮᠲᠤ ᠶᠠᠪᠤᠭ᠎ᠠ ᠬᠥᠮᠥᠰ ᠲᠠᠢ ᠪᠠᠨ ᠲᠦᠷᠢᠶᠡᠰᠦᠨ ᠮᠠᠰᠢᠨ ᠲᠡᠷᠭᠡ ︵ᠲᠡᠷᠭᠡᠨ ᠤ ᠳ᠋ᠤᠭᠠᠷ ᠨᠢ ᠬᠦᠬᠡᠨᠠᠭᠤᠷ A9592D᠂ ᠬᠦᠬᠡᠨᠠᠭᠤᠷ ALU520︶᠎ ᠪᠠᠷ ᠥᠪᠥᠷ ᠮᠣᠩᠭᠤᠯ ᠤᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠤᠴᠢᠭᠠᠳ᠂ ᠲᠤᠰ ᠡᠳᠦᠷ ᠤᠨ 15 ᠴᠠᠭ ᠤᠨ ᠦᠶ᠎ᠡ ᠪᠠᠷ ᠡᠵᠡᠨ᠎ᠡ ᠬᠤᠰᠢᠭᠤᠨ ᠤ ᠬᠠᠴᠢᠨ ᠤᠢ ᠶᠢᠨ ᠦᠵᠡᠮᠵᠢ ᠶᠢᠨ ᠣᠷᠣᠨ ᠳᠤ ᠬᠦᠷᠴᠦ ᠵᠤᠭᠠᠴᠠᠵᠦ᠂ 16 ᠴᠠᠭ 43 ᠮᠢᠨᠦ᠋ᠲ ᠲᠤ ᠬᠠᠷ᠎ᠠ ᠬᠤᠲᠠ ᠶᠢᠨ ᠬᠠᠷ᠎ᠠ ᠭᠤᠤᠯ ᠤᠨ ᠲᠤᠤᠷᠠᠶ ᠶᠢᠨ ᠦᠵᠡᠮᠵᠢ ᠶᠢᠨ ᠣᠷᠣᠨ ᠤ ᠪᠢᠯᠧᠲ ᠬᠤᠳᠠᠯᠳᠤᠬᠤ ᠲᠢᠩᠬᠢᠮ ᠠᠴᠠ ᠪᠢᠯᠧᠲ ᠬᠤᠳᠠᠯᠳᠤᠨ ᠠᠪᠤᠪᠠ᠂ 16 ᠴᠠᠭ 51 ᠮᠢᠨᠦ᠋ᠲ ᠲᠤ B2 ᠵᠠᠮ ᠢᠶᠠᠷ ᠦᠵᠡᠮᠵᠢ ᠶᠢᠨ ᠣᠷᠣᠨ ᠳᠤ ᠣᠷᠣᠪᠠ᠂ ᠦᠵᠡᠮᠵᠢ ᠶᠢᠨ ᠣᠷᠣᠨ ᠤ ᠳᠥᠷᠪᠡᠳᠦᠭᠡᠷ ᠥᠷᠲᠡᠭᠡ ᠴᠡᠭ ᠠᠴᠠ ᠲᠡᠷᠭᠡᠨ ᠳᠤ ᠰᠠᠭᠤᠵᠤ ᠡᠷᠲᠡᠨ ᠤ ᠬᠤᠲᠠ ᠳᠤ ᠬᠦᠷᠴᠡᠢ᠂ ᠳᠠᠷᠠᠭ᠎ᠠ ᠨᠢ ᠲᠡᠷᠭᠡ ᠰᠣᠯᠢᠵᠤ ᠲᠡᠷᠭᠡ ᠵᠢᠯᠣᠭᠤᠳᠴᠤ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠳᠤ ᠬᠦᠷᠴᠦ᠂ 18 ᠴᠠᠭ 56 ᠮᠢᠨᠦ᠋ᠲ ᠪᠣᠯᠬᠤ ᠳᠤ ᠨᠠᠭᠠᠳᠤᠮ ᠤᠨ ᠬᠤᠷᠠᠯ ᠤᠨ ᠲᠠᠯᠠᠪᠠᠢ ᠳᠠᠬᠢ ᠪᠠᠶᠢᠴᠠᠭᠠᠯᠳᠠ ᠶᠢᠨ ᠴᠢᠭ ᠢᠶᠠᠷ ᠳᠠᠮᠵᠢᠨ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠳᠤ ᠬᠦᠷᠴᠡᠢ᠂ 20 ᠴᠠᠭ ᠤᠨ ᠦᠶ᠎ᠡ ᠪᠠᠷ ᠡᠵᠡᠨ᠎ᠡ ᠬᠤᠰᠢᠭᠤᠨ ᠤ ᠶᠠᠩ ᠭᠤᠸᠠᠩ ᠬᠤᠷᠢᠶᠠᠯᠠᠯ ᠤᠨ ᠡᠯᠡᠰᠦ ᠮᠠᠩᠬᠠᠨ ᠤ ᠨᠡᠭᠦᠳᠡᠯ ᠥᠷᠲᠡᠭᠡ ᠶᠢᠨ ᠰᠠᠭᠤᠭᠠᠯᠢ ᠠᠷᠠᠳ ᠤᠨ ᠰᠠᠭᠤᠴᠠᠨ ︵ᠶᠠᠩ ᠭᠤᠸᠠᠩ ᠬᠤᠷᠢᠶᠠᠯᠠᠯ ᠤᠨ 8 ᠳ᠋ᠤᠭᠠᠷ ᠠᠰᠠᠷ ᠤᠨ 1 ᠳ᠋ᠤᠭᠡᠷ ᠤᠷᠤᠴᠠ︶᠎ ᠳᠤ ᠣᠷᠣᠵᠤ ᠰᠠᠭᠤᠪᠠ᠃ 20 ᠴᠠᠭ 35 ᠮᠢᠨᠦ᠋ᠲ ᠲᠤ ᠮᠠᠰᠢᠨ ᠲᠡᠷᠭᠡ ᠵᠢᠯᠣᠭᠤᠳᠤᠨ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠤ ᠳᠠᠯᠠᠶᠢᠬᠦ᠋ᠪ ᠵᠠᠮ ᠤᠨ ᠵᠢᠤᠢ ᠶᠠᠨ ᠮᠢᠩ ᠳ᠋ᠢ ᠬᠤᠷᠢᠶᠠᠯᠠᠯ ᠤᠨ ᠪᠠᠷᠠᠭᠤᠨ ᠡᠭᠦᠳᠡᠨ ᠤ ᠡᠮᠦᠨ᠎ᠡ ᠲᠠᠯ᠎ᠠ ᠶᠢᠨ ᠲᠤᠤᠷᠠᠢ ᠤᠢ ᠶᠢᠨ ᠪᠢᠴᠢᠬᠠᠨ ᠲᠤᠭᠤᠭᠠᠴᠢ ᠬᠤᠭᠤᠯᠠᠨ ᠭᠡᠷ ᠤᠨ ᠬᠤᠶᠠᠳᠤᠭᠠᠷ ᠳᠠᠪᠬᠤᠷᠯᠢᠭ ᠲᠤ ᠬᠤᠭᠤᠯᠠ ᠢᠳᠡᠵᠦ᠂ 21 ᠴᠠᠭ 53 ᠮᠢᠨᠦ᠋ᠲ ᠲᠤ ᠰᠠᠭᠤᠭᠠᠯᠢ ᠠᠷᠠᠳ ᠤᠨ ᠤᠷᠤᠨ ᠰᠠᠭᠤᠴᠠ ᠎ ᠳᠤ ᠬᠠᠷᠢᠵᠤ ᠠᠮᠠᠷᠠᠪᠠ᠃ 10 ᠳ᠋ᠤᠭᠠᠷ ᠰᠠᠷ᠎ᠠ ᠶᠢᠨ 12᠎ ᠤᠨ ᠡᠳᠦᠷ ᠤᠨ ᠦᠳᠡ ᠶᠢᠨ ᠡᠮᠦᠨ᠎ᠡ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤ ᠶᠢᠨ ᠳᠠᠯᠠᠶᠢᠬᠦ᠋ᠪ ᠵᠠᠮ ᠤᠨ ᠵᠢᠦᠶ ᠶᠠᠨ ᠮᠢᠩ ᠳ᠋ᠢ ᠬᠤᠷᠢᠶᠠᠯᠠᠯ ᠤᠨ ᠪᠠᠷᠠᠭᠤᠨ ᠡᠭᠦᠳᠡᠨ ᠤ ᠬᠤᠶᠢᠲᠤ ᠲᠠᠯ᠎ᠠ ᠶᠢᠨ ᠲᠦᠩ ᠨᠠᠨ ᠭᠧ ᠬᠤᠭᠤᠯᠠᠨ ᠭᠡᠷ ᠲᠤ ᠬᠤᠭᠤᠯᠠ ᠢᠳᠡᠵᠦ᠂ ᠳᠠᠷᠠᠭ᠎ᠠ ᠨᠢ ᠥᠪᠡᠰᠦᠪᠡᠨ ᠮᠠᠰᠢᠨ ᠵᠢᠯᠣᠭᠤᠳᠴᠤ ᠰᠤᠪᠨᠠᠭᠤᠷ ᠤᠨ ᠦᠵᠡᠮᠵᠢ ᠶᠢᠨ ᠣᠷᠣᠨ ᠳᠤ ᠬᠦᠷᠪᠡ᠂ 10 ᠴᠠᠭ 09 ᠮᠢᠨᠦ᠋ᠲ ᠲᠤ ᠤᠮᠠᠷᠠᠲᠤ ᠲᠤᠭᠤᠷᠢᠯᠳᠠ ᠶᠢᠨ ᠵᠠᠮ ᠤᠨ ᠠᠭᠤᠯᠵᠠᠷ ᠢᠶᠠᠷ ᠰᠤᠪᠠᠨᠠᠭᠤᠷ ᠵᠦᠭ ᠮᠤᠷᠳᠠᠵᠦ᠂ 10 ᠴᠠᠭ 53 ᠮᠢᠨᠦ᠋ᠲ ᠲᠤ ᠰᠤᠪᠨᠠᠭᠤᠷ ᠤᠨ ᠲᠤᠭᠤᠷᠢᠨ ᠵᠤᠭᠠᠴᠠᠭᠰᠠᠳ ᠲᠤ ᠦᠢᠯᠡᠴᠢᠯᠡᠭᠦ ᠴᠣᠩᠬᠤᠪᠴᠢ ᠠᠴᠠ ᠪᠢᠯᠧᠲ ᠬᠤᠳᠠᠯᠳᠤᠨ ᠠᠪᠴᠤ᠂ 10 ᠴᠠᠭ 57 ᠮᠢᠨᠦ᠋ᠲ ᠲᠤ ᠦᠵᠡᠮᠵᠢ ᠶᠢᠨ ᠣᠷᠣᠨ ᠳᠤ ᠣᠷᠣᠪᠠ᠂ 11 ᠴᠠᠭ ᠲᠤ 6 ᠳ᠋ᠤᠭᠠᠷ ᠨᠣᠮᠧᠷᠲᠤ ᠲᠡᠷᠭᠡᠨ ︵ᠳ᠋ᠤᠭᠠᠷ ᠨᠢ 56577︶᠎ ᠳᠤ ᠰᠠᠭᠤᠵᠤ ᠦᠵᠡᠮᠵᠢ ᠶᠢᠨ ᠣᠷᠣᠨ ᠳᠤ ᠤᠷᠤᠵᠠᠢ᠂ 13 ᠴᠠᠭ ᠲᠤ 3 ᠳ᠋ᠤᠭᠠᠷ ᠨᠤᠮᠧᠷᠳᠦ ᠲᠡᠷᠭᠡᠨ ᠳᠤ ᠰᠠᠭᠤᠵᠤ ᠦᠵᠡᠮᠵᠢ ᠶᠢᠨ ᠣᠷᠣᠨ ᠤ ᠭᠠᠷᠬᠤ ᠡᠭᠦᠳᠡᠨ ᠳᠤ ᠪᠤᠴᠠᠵᠦ ᠢᠷᠡᠪᠡ᠂ 14 ᠴᠠᠭ ᠲᠤ ᠰᠤᠪᠨᠠᠭᠤᠷ ᠤᠨ ᠦᠵᠡᠮᠵᠢ ᠶᠢᠨ ᠣᠷᠣᠨ ᠠᠴᠠ ᠳᠠᠯᠠᠶᠢᠬᠦ᠋ᠪ ᠪᠠᠯᠭᠠᠰᠤ ᠤᠷᠤᠭᠤ ᠪᠤᠴᠠᠪᠡ᠂ 15 ᠴᠠᠭ ᠲᠤ ᠰᠢᠤᠸᠠᠢ ᠹᠦ᠋ ᠬᠤᠸᠠ ᠶᠤᠸᠠᠨ ᠬᠤᠷᠢᠶᠠᠯᠠᠯ ᠤᠨ ᠡᠭᠦᠳᠡᠨ ᠳᠠᠬᠢ ᠲᠦᠩ ᠨᠠᠨ ᠭᠧ ᠬᠤᠭᠤᠯᠠᠨ ᠭᠡᠷ ᠲᠤ ᠬᠤᠭᠤᠯᠠ ᠢᠳᠡᠵᠦ᠂ 16 ᠴᠠᠭ ᠤᠨ ᠦᠶ᠎ᠡ ᠪᠠᠷ ᠰᠠᠭᠤᠭᠠᠯᠢ ᠠᠷᠠᠳ ᠤᠨ ᠤᠷᠤᠨ ᠰᠠᠭᠤᠴᠠ ᠳᠠᠭᠠᠨ ᠪᠤᠴᠠᠪᠠ᠂ 19 ᠴᠠᠭ ᠤᠨ ᠦᠶ᠎ᠡ ᠪᠠᠷ ᠲᠦᠩ ᠨᠠᠨ ᠭᠧ ᠬᠤᠭᠤᠯᠠᠨ ᠭᠡᠷ ᠤᠨ 2 ᠳ᠋ᠤᠭᠠᠷ ᠳᠠᠪᠬᠤᠷᠯᠢᠭ ᠲᠤ ᠬᠤᠭᠤᠯᠠ ᠢᠳᠡᠪᠡ᠂ ᠳᠠᠷᠠᠭᠠᠪᠡᠷ ᠨᠢ ᠲᠡᠷᠭᠡ ᠵᠢᠯᠣᠭᠤᠳᠤᠨ ᠲᠤᠤᠷᠠᠢ ᠪᠠᠭᠤᠳᠠᠯ ᠤᠨ ᠲᠡᠷᠭᠡᠨ ᠵᠣᠭᠰᠣᠭᠠᠯ ᠳᠤ ᠬᠦᠷᠪᠡ᠂ ᠲᠣᠣᠷᠠᠢ ᠶᠢᠨ ᠣᠢ ᠶᠢᠨ ᠦᠵᠡᠮᠵᠢ ᠶᠢᠨ ᠣᠷᠣᠨ ᠳᠤ ᠬᠦᠷᠬᠦ ᠨᠢᠭᠡᠳᠦᠭᠡᠷ ᠬᠥᠭᠦᠷᠭᠡ ᠳᠤ ᠠᠯᠬᠤᠨ ᠤᠴᠢᠵᠦ᠂ ᠳᠠᠬᠢᠨ ᠶᠠᠪᠠᠭᠠᠨ ᠢᠶᠠᠷ ᠲᠡᠷᠭᠡᠨ ᠵᠣᠭᠰᠣᠭᠠᠯ ᠳᠤ ᠪᠤᠴᠠᠵᠦ ᠢᠷᠡᠪᠡ ︵ᠪᠠᠷᠤᠭ 1 ᠴᠠᠭ 30 ᠮᠢᠨᠦ᠋ᠲ ᠣᠷᠴᠢᠮ ᠴᠠᠭ ᠬᠡᠷᠡᠭᠰᠡᠵᠡᠢ︶᠂ ᠳᠠᠬᠢᠭᠠᠳ ᠰᠠᠭᠤᠭᠠᠯᠢ ᠠᠷᠠᠳ ᠤᠨ ᠰᠠᠭᠤᠴᠠ ᠳᠠᠭᠠᠨ ᠬᠠᠷᠢᠵᠤ ᠠᠮᠠᠷᠠᠪᠠ᠃ 10 ᠳ᠋ᠤᠭᠠᠷ ᠰᠠᠷ᠎ᠠ ᠶᠢᠨ 13᠎ ᠤ ᠡᠳᠦᠷ᠂ 8 ᠴᠠᠭ 6 ᠮᠢᠨᠦ᠋ᠲ ᠲᠤ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠤ ᠳᠠᠯᠠᠶᠢᠬᠦ᠋ᠪ ᠵᠠᠮ ᠤᠨ ᠰᠢᠤᠸᠠᠢ ᠹᠦ᠋ ᠬᠤᠸᠠ ᠶᠤᠸᠠᠨ ᠬᠤᠷᠢᠶᠠᠯᠠᠯ ᠤᠨ ᠬᠤᠶᠢᠲᠤ ᠲᠠᠯ᠎ᠠ ᠶᠢᠨ ᠯᠢᠩ ᠲᠸᠦ ᠶᠠᠩ ᠮᠣᠩᠭᠤᠯ ᠬᠤᠭᠤᠯᠠ ᠮᠠᠯ ᠤᠨ ᠰᠡᠭᠡᠷ ᠨᠢᠷᠤᠭᠤᠨ ᠤ ᠶᠠᠰᠤ ᠲᠠᠢ ᠬᠠᠯᠠᠭᠤᠨ ᠲᠣᠭᠤᠭᠠᠨ ᠤ ᠬᠤᠭᠤᠯᠠᠨ ᠭᠡᠷ ᠲᠤ ᠱᠣᠣᠮᠠᠢ ᠢᠳᠡᠵᠦ᠂ 8 ᠴᠠᠭ 57 ᠮᠢᠨᠦ᠋ᠲ ᠲᠤ ᠲᠣᠣᠷᠠᠢ ᠶᠢᠨ ᠤᠢ ᠶᠢᠨ ᠦᠵᠡᠮᠵᠢ ᠶᠢᠨ ᠣᠷᠣᠨ ᠤ ᠨᠢᠭᠡᠳᠦᠭᠡᠷ ᠬᠥᠭᠦᠷᠭᠡ ᠶᠢᠨ ᠬᠤᠶᠠᠳᠤᠭᠠᠷ ᠡᠭᠦᠳᠡ ᠪᠠᠷ ᠣᠷᠣᠵᠤ ᠨᠠᠭᠠᠳᠤᠨ᠂ 13 ᠴᠠᠭ 31 ᠮᠢᠨᠦ᠋ᠲ ᠲᠤ ᠲᠦᠩ ᠨᠠᠨ ᠭᠧ ᠳᠤ ᠬᠤᠭᠤᠯᠠ ᠢᠳᠡᠵᠦ᠂ ᠳᠠᠷᠠᠭ᠎ᠠ ᠨᠢ ᠮᠠᠰᠢᠨ ᠲᠡᠷᠭᠡ ᠪᠠᠷ ᠰᠠᠭᠤᠭᠠᠯᠢ ᠠᠷᠠᠳ ᠤᠨ ᠰᠠᠭᠤᠴᠠ ᠳᠠᠭᠠᠨ ᠪᠤᠴᠠᠪᠠ᠃ 17 ᠴᠠᠭ 50 ᠮᠢᠨᠦ᠋ᠲ ᠠᠴᠠ 18 ᠴᠠᠭ 30 ᠮᠢᠨᠦ᠋ᠲ ᠪᠣᠯᠲᠠᠯ᠎ᠠ ᠲᠣᠰ ᠬᠤᠶᠠᠷ ᠬᠥᠮᠦᠨ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠪᠥᠭᠡᠮ ᠬᠦᠴᠢᠯ ᠤᠨ ᠰᠢᠨᠵᠢᠯᠡᠭᠡ ᠬᠢᠯᠭᠡᠪᠡ ︵ᠰᠢᠨᠵᠢᠯᠡᠭᠡᠨ ᠤ ᠬᠠᠷᠢᠭᠤ ᠨᠢ ᠰᠥᠭᠡᠷᠭᠦ ᠴᠢᠨᠠᠷᠲᠠᠶ︶᠃ 18 ᠴᠠᠭ 40 ᠮᠢᠨᠦ᠋ᠲ ᠠᠴᠠ 20 ᠴᠠᠭ 30 ᠮᠢᠨᠦ᠋ᠲ ᠲᠤ ᠲᠦᠩ ᠨᠠᠨ ᠭᠧ ᠬᠤᠭᠤᠯᠠᠨ ᠭᠡᠷ ᠲᠤ ᠬᠤᠭᠤᠯᠠ ᠢᠳᠡᠭᠰᠡᠨ ᠤ ᠳᠠᠷᠠᠭ᠎ᠠ᠂ ᠲᠡᠷᠭᠡ ᠵᠢᠯᠣᠭᠤᠳᠤᠨ ᠰᠠᠭᠤᠭᠠᠯᠢ ᠠᠷᠠᠳ ᠤᠨ ᠤᠷᠤᠨ ᠰᠠᠭᠤᠴᠠ ᠳᠠᠭᠠᠨ ᠪᠤᠴᠠᠵᠤ᠂ ᠳᠠᠬᠢᠨ ᠭᠠᠳᠠᠭᠰᠢ ᠭᠠᠷᠤᠭᠰᠠᠨ ᠦᠭᠡᠢ᠃ 10 ᠳ᠋ᠤᠭᠠᠷ ᠰᠠᠷ᠎ᠠ ᠶᠢᠨ 14᠎ ᠤ ᠡᠳᠦᠷ᠂ 8 ᠴᠠᠭ 28 ᠮᠢᠨᠦ᠋ᠲ ᠲᠤ ᠲᠦᠩ ᠨᠠᠨ ᠭᠧ ᠬᠤᠭᠤᠯᠠᠨ ᠭᠡᠷ ᠲᠤ ᠬᠤᠭᠤᠯᠠ ᠢᠳᠡᠵᠦ᠂ 9 ᠴᠠᠭ ᠲᠤ ᠲᠡᠷᠭᠡ ᠵᠢᠯᠣᠭᠤᠳᠤᠨ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤ ᠠᠴᠠ ᠮᠣᠷᠳᠠᠪᠠ᠃ ︵ᠬᠤᠶᠠᠷ︶ 2021 ᠣᠨ ᠤ 10 ᠳ᠋ᠤᠭᠠᠷ ᠰᠠᠷ᠎ᠠ ᠶᠢᠨ 18᠎ ᠤ ᠡᠳᠦᠷ᠂ ᠢᠷᠭᠠᠢ ᠬᠤᠲᠠ ᠶᠢᠨ ᠡᠮᠦᠨᠡᠬᠢ ᠲᠣᠬᠢᠶᠠᠯᠳᠤᠯ ︵ᠶᠠᠨ ᠣᠪᠣᠭᠲᠤ᠂ ᠵᠢᠶᠠᠩ ᠣᠪᠣᠭᠲᠤ᠂ ᠬᠠᠨᠢ ᠨᠥᠬᠦᠷ ᠤᠨ ᠬᠠᠷᠢᠴᠠᠭ᠎ᠠ ᠲᠠᠢ︶᠎ ᠲᠠᠢ ᠣᠶᠢᠷ᠎ᠠ ᠬᠠᠪᠢᠳᠠᠭᠰᠠᠨ ᠠᠶ ᠣᠪᠣᠭᠲᠤ ᠶᠢᠨ ᠪᠥᠭᠡᠮ ᠬᠦᠴᠢᠯ ᠤᠨ ᠰᠢᠨᠵᠢᠯᠡᠭᠡᠨ ᠤ ᠬᠠᠷᠢᠭᠤ ᠨᠢ ᠪᠠᠰᠠ ᠡᠶᠡᠷᠭᠦ ᠬᠠᠷᠤᠭᠰᠠᠨ ᠪᠠᠶᠢᠨ᠎ᠠ᠃ ᠠᠶ ᠣᠪᠣᠭᠲᠤ ᠶᠢᠨ ᠶᠠᠪᠤᠵᠤ ᠰᠠᠭᠤᠭᠰᠠᠨ ᠵᠠᠮ ᠮᠥᠷ᠄ 10 ᠳ᠋ᠤᠭᠠᠷ ᠰᠠᠷ᠎ᠠ ᠶᠢᠨ 9᠎ ᠤ ᠡᠳᠦᠷ ᠤᠨ 17᠄ 00 ᠴᠠᠭ ᠲᠤ᠂ ᠱᠠᠨᠰᠢ ᠮᠤᠵᠢ ᠶᠢᠨ ᠵᠢᠭᠤᠯᠴᠢᠯᠠᠭᠴᠢ ᠶᠠᠨ ᠣᠪᠣᠭᠲᠤ᠂ ᠵᠢᠶᠠᠩ ᠣᠪᠣᠭᠲᠤ ᠲᠠᠢ ᠵᠠᠩ ᠶᠧ ᠬᠤᠲᠠ ᠶᠢᠨ ᠬᠤᠭᠤᠯᠠᠨ ᠬᠡᠷ ᠤᠨ ᠡᠭᠦᠳᠡᠨ ᠳᠤ ᠠᠭᠤᠯᠵᠠᠭᠠᠳ X ᠵᠣᠴᠢᠳ ᠤᠨ ᠪᠠᠭᠤᠳᠠᠯ ᠳᠤ ᠪᠤᠴᠠᠪᠠ︔ 10 ᠳ᠋ᠤᠭᠠᠷ ᠰᠠᠷ᠎ᠠ ᠶᠢᠨ 10᠎ ᠤ ᠡᠳᠦᠷ ᠠᠴᠠ 15᠎ ᠤ ᠡᠳᠦᠷ ᠪᠣᠯᠲᠠᠯ᠎ᠠ ᠠᠶ ᠣᠪᠣᠭᠲᠤ ᠪᠣᠯᠤᠨ ᠶᠠᠨ ᠣᠪᠣᠭᠲᠤ ᠡᠷ᠎ᠡ ᠡᠮ᠎ᠡ ᠬᠤᠶᠠᠭᠤᠯᠠ ᠬᠤᠶᠠᠷ ᠲᠡᠷᠭᠡ ᠲᠦᠷᠢᠶᠡᠰᠦᠯᠡᠵᠦ ᠬᠠᠮᠲᠤ ᠪᠠᠷ ᠳ᠋ᠠᠨ ᠰᠢᠶᠠ ᠭᠠᠵᠠᠷ ᠤᠨ ᠭᠠᠳᠠᠷᠭᠤ᠂ ᠰᠠᠶᠢᠬᠠᠨ ᠵᠠᠪᠠᠢ ᠪᠣᠭᠤᠮᠳᠠ᠂ ᠲᠣᠣᠷᠠᠢ ᠶᠢᠨ ᠣᠢ ᠶᠢᠨ ᠦᠵᠡᠮᠵᠢ ᠶᠢᠨ ᠣᠷᠣᠨ ᠢᠶᠠᠷ ᠵᠤᠭᠠᠴᠠᠪᠠ  ︔ ᡽ 10 ᠳ᠋ᠤᠭᠠᠷ ᠰᠠᠷ᠎ᠠ ᠶᠢᠨ 15᠎ ᠤ ᠡᠳᠦᠷ ᠤᠨ 12᠄ 06᠎ ᠳᠤ᠂ K42 ︵ᠳ᠋ᠦᠨᠬᠤᠸᠠᠩ — ᠪᠡᠭᠡᠵᠢᠩ︶ ᠭᠠᠯᠲᠤ ᠲᠡᠷᠭᠡᠨ ᠳᠤ ᠰᠠᠭᠤᠵᠤ ᠰᠠᠶᠢᠬᠠᠨ ᠵᠠᠪᠠᠢ ᠪᠣᠭᠤᠮᠳᠠ ᠶᠢᠨ ᠥᠷᠲᠡᠭᠡ ᠠᠴᠠ ᠲᠡᠷᠭᠡᠨ ᠳᠤ ᠭᠠᠷᠪᠠ᠂ ᠰᠠᠭᠤᠳᠠᠯ ᠎ ᠨᠢ 9 ᠳ᠋ᠦ᠋ᠭᠡᠷ ᠸᠠᠭᠤᠨ ᠤ 18 ᠳ᠋ᠤᠭᠠᠷ ᠣᠷᠣ ᠶᠢᠨ ᠳᠣᠤᠷᠠᠳᠤ ᠲᠠᠯ᠎ᠠ ᠶᠢᠨ ᠣᠷᠣ︔ 10 ᠳ᠋ᠤᠭᠠᠷ ᠰᠠᠷ᠎ᠠ ᠶᠢᠨ 16᠎ ᠤ ᠡᠳᠦᠷ ᠤᠨ 0᠄ 46᠎ ᠳᠤ ᠢᠷᠭᠠᠢ ᠳᠤ ᠬᠦᠷᠴᠦ᠂ ᠭᠠᠯᠲᠤ ᠲᠡᠷᠭᠡᠨ ᠤ ᠥᠷᠲᠡᠭᠡᠨ ᠳᠤ ᠪᠠᠶᠢᠬᠤ ᠬᠤᠭᠤᠴᠠᠭᠠᠨ ᠳᠠᠭᠠᠨ ᠠᠮᠠᠪᠴᠢ ᠵᠡᠭᠦᠵᠦ᠂ ᠥᠷᠲᠡᠭᠡᠨ ᠠᠴᠠ ᠭᠠᠷᠤᠭᠰᠠᠨ ᠤ ᠳᠠᠷᠠᠭ᠎ᠠ ᠭᠡᠷ ᠤᠨ ᠬᠥᠮᠦᠰ ᠨᠢ ᠲᠡᠷᠭᠡ ᠵᠢᠯᠣᠭᠤᠳᠤᠨ ᠲᠡᠭᠦᠨ ᠢ ᠶᠢᠨ ᠹᠧᠩ ᠲᠣᠭᠤᠷᠢᠭ ᠤᠨ ᠰᠧᠨ ᠯᠢᠨ ᠪᠠᠨ ᠳ᠋ᠣᠣ ᠬᠤᠷᠢᠶᠠᠯᠠᠯ ᠳᠤ ᠬᠦᠷᠦᠭᠡᠳ᠂ ᠳᠠᠭᠢᠵᠤ ᠭᠠᠳᠠᠭᠰᠢ ᠭᠠᠷᠤᠭᠰᠠᠨ ᠥᠬᠡᠶ︔ 10 ᠳ᠋ᠤᠭᠠᠷ ᠰᠠᠷ᠎ᠠ ᠶᠢᠨ 16᠎ ᠤ ᠡᠳᠦᠷ ᠤᠨ 10᠄ 00 ᠴᠠᠭ ᠲᠤ ᠬᠡᠷ ᠠᠴᠠ ᠪᠠᠨ ᠶᠠᠪᠠᠭᠠᠨ ᠢᠶᠠᠷ ᠶᠢᠨ ᠹᠧᠩ ᠲᠣᠭᠤᠷᠢᠭ ᠤᠨ ᠴᠢᠨ ᠱᠦᠢ ᠳᠠᠶᠢᠯᠠᠯᠭ᠎ᠠ ᠶᠢᠨ ᠲᠥᠪ ᠲᠤ ᠬᠦᠷᠴᠦ ᠬᠤᠭᠤᠯᠠ ᠵᠠᠬᠢᠶᠠᠯᠠᠪᠠ︔ 10 ᠳ᠋ᠤᠭᠠᠷ ᠰᠠᠷ᠎ᠠ ᠶᠢᠨ 16᠎ ᠤ ᠡᠳᠦᠷ ᠤᠨ 10᠄ 39᠎ ᠳᠤ ᠶᠠᠪᠠᠭᠠᠨ ᠢᠶᠠᠷ ᠬᠡᠷ ᠲᠡᠭᠡᠨ ᠬᠠᠷᠢᠪᠠ︔ 10 ᠳ᠋ᠤᠭᠠᠷ ᠰᠠᠷ᠎ᠠ ᠶᠢᠨ 16᠎ ᠤ ᠡᠳᠦᠷ ᠤᠨ 12᠄ 04 — 13᠄ 41 ᠬᠡᠷ ᠤᠨ ᠬᠥᠮᠦᠰ ᠲᠠᠢ ᠪᠠᠨ ᠶᠠᠪᠠᠭᠠᠨ ᠢᠶᠠᠷ ᠶᠢᠨ ᠹᠧᠩ ᠲᠣᠭᠤᠷᠢᠭ ᠤᠨ ᠴᠢᠨ ᠱᠦᠢ ᠳᠠᠶᠢᠯᠠᠯᠭ᠎ᠠ ᠶᠢᠨ ᠲᠥᠪ ᠲᠤ ᠬᠦᠷᠴᠦ ᠬᠤᠭᠤᠯᠠᠯᠠᠪᠠ︔ 10 ᠳ᠋ᠤᠭᠠᠷ ᠰᠠᠷ᠎ᠠ ᠶᠢᠨ 16᠎ ᠤ ᠡᠳᠦᠷ ᠤᠨ 13᠄ 55᠎ ᠳᠤ ᠨᠠᠶᠢᠵᠠ ᠨᠠᠷ ᠲᠠᠢ ᠪᠠᠨ ᠲᠡᠷᠭᠡ ᠵᠢᠯᠣᠭᠤᠳᠤᠨ ᠭᠡᠷ ᠬᠤᠳᠠᠯᠳᠤᠬᠤ ᠵᠠᠭᠤᠴᠢ ᠲᠠᠢ ᠬᠠᠮᠲᠤᠪᠠᠷ ᠰᠢᠩ ᠴᠢᠩ ᠲᠣᠭᠤᠷᠢᠭ ᠤᠨ ᠮᠠᠨ ᠴᠦᠨ ᠬᠤᠷᠢᠶᠠᠯᠠᠯ᠂ ᠲᠢᠶᠠᠨ ᠴᠧᠩ ᠬᠤᠷᠢᠶᠠᠯᠠᠯ᠂ ᠵᠢᠩ ᠠᠨ ᠶᠤᠸᠠᠨ ᠬᠤᠷᠢᠶᠠᠯᠠᠯ ᠳᠤ ᠬᠡᠷ ᠪᠠᠶᠢᠰᠢᠩ ᠦᠵᠡᠪᠡ︔ 10 ᠳ᠋ᠤᠭᠠᠷ ᠰᠠᠷ᠎ᠠ ᠶᠢᠨ 16᠎ ᠤ ᠡᠳᠦᠷ ᠤᠨ 15᠄ 56 — 16᠄ 30᠎ ᠲᠤ ᠬᠡᠷ ᠤᠨ ᠬᠥᠮᠦᠰ ᠲᠠᠢ ᠪᠠᠨ ᠰᠢᠩ ᠴᠢᠩ ᠲᠣᠭᠤᠷᠢᠭ ᠤᠨ ᠲᠢᠶᠠᠨ ᠴᠧᠩ ᠲᠣᠭᠤᠷᠢᠭ ᠤᠨ ᠥᠷᠲᠡᠭᠡ ᠳᠤ 301 ᠳ᠋ᠤᠭᠠᠷ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ︵ᠡᠮᠦᠨ᠎ᠡ ᠲᠠᠯ᠎ᠠ ᠶᠢᠨ ᠨᠠᠰᠤᠲᠠᠶᠢᠴᠤᠳ ᠤᠨ ᠲᠤᠰᠬᠠᠶ ᠰᠠᠭᠤᠳᠠᠯ ᠳᠤ ᠰᠠᠭᠤᠪᠠ︶᠎ ᠶᠢᠨ ᠹᠧᠩ ᠲᠣᠭᠤᠷᠢᠭ ᠤᠨ ᠲᠤᠤ ᠿᠠᠨ ᠱᠦᠶ ᠠᠨ ᠥᠷᠲᠡᠭᠡ ᠳᠤ ᠪᠠᠭᠤᠵᠤ᠂ ᠶᠠᠪᠠᠭᠠᠨ ᠢᠶᠠᠷ ᠬᠡᠷ ᠲᠡᠭᠡᠨ ᠬᠦᠷᠦᠭᠰᠡᠨ ᠤ ᠳᠠᠷᠠᠭ᠎ᠠ ᠳᠠᠭᠢᠵᠤ ᠭᠠᠳᠠᠭᠰᠢ ᠭᠠᠷᠤᠭᠰᠠᠨ ᠥᠬᠡᠶ᠂ ᠪᠥᠬᠦ ᠶᠠᠪᠤᠴᠠ ᠳᠤ ᠠᠮᠠᠪᠴᠢ ᠵᠡᠭᠦᠪᠡ︔ 10 ᠳ᠋ᠤᠭᠠᠷ ᠰᠠᠷ᠎ᠠ ᠶᠢᠨ 17᠎ ᠤ ᠡᠳᠦᠷ ᠤᠨ 9᠄ 00 — 9᠄ 37 ᠬᠡᠷ ᠠᠴᠠ ᠪᠠᠨ ᠶᠠᠪᠠᠭᠠᠨ ᠢᠶᠠᠷ ᠬᠤᠷᠢᠶᠠᠯᠠᠯ ᠤᠨ ᠵᠡᠭᠦᠨ ᠡᠭᠦᠳᠡᠨ ᠳᠠᠬᠢ ᠨᠠᠨᠵᠢᠩ ᠤᠨ ᠪᠤᠤᠰᠠ ᠫᠦᠰᠡᠨ ᠳᠤ ᠬᠦᠷᠴᠦ ᠥᠷᠯᠥᠭᠡ ᠶᠢᠨ ᠬᠤᠭᠤᠯᠠ ᠪᠠᠨ ᠢᠳᠡᠵᠦ᠂ ᠳᠠᠷᠠᠭ᠎ᠠ ᠨᠢ ᠶᠠᠪᠠᠭᠠᠨ ᠢᠶᠠᠷ ᠬᠡᠷ ᠲᠡᠭᠡᠨ ᠬᠠᠷᠢᠵᠠᠶ᠂ ᠡᠨᠡ ᠬᠤᠭᠤᠴᠠᠭᠠᠨ ᠳᠤ ᠪᠤᠰᠤᠳ ᠲᠠᠢ ᠣᠶᠢᠷᠠᠲᠤᠭᠰᠠᠨ ᠥᠬᠡᠶ︔ 10 ᠳ᠋ᠤᠭᠠᠷ ᠰᠠᠷ᠎ᠠ ᠶᠢᠨ 17᠎ ᠤ ᠡᠳᠦᠷ ᠤᠨ 11᠄ 20 — 11᠄ 33 ᠬᠤᠪᠢ ᠶᠢᠨ ᠮᠠᠰᠢᠨ ᠲᠡᠷᠭᠡ ᠪᠠᠷ ᠢᠷᠭᠠᠢ ᠬᠤᠲᠠ ᠶᠢᠨ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠪᠥᠭᠡᠮ ᠬᠦᠴᠢᠯ ᠤᠨ ᠰᠢᠨᠵᠢᠯᠡᠭᠡ ᠬᠢᠯᠭᠡᠭᠡᠳ ᠬᠡᠷ ᠲᠡᠭᠡᠨ ᠬᠠᠷᠢᠵᠤ᠂ ᠳᠠᠬᠢᠨ ᠭᠠᠳᠠᠭᠰᠢ ᠭᠠᠷᠤᠭᠰᠠᠨ ᠥᠬᠡᠶ᠂ ᠪᠥᠬᠦ ᠶᠠᠪᠤᠴᠠ ᠳᠤ ᠠᠮᠠᠪᠴᠢ ᠵᠡᠭᠦᠪᠡ︔ 10 ᠳ᠋ᠤᠭᠠᠷ ᠰᠠᠷ᠎ᠠ ᠶᠢᠨ 17᠎ ᠤ ᠡᠳᠦᠷ ᠤᠨ 13᠄ 40᠎ ᠳᠤ ᠬᠡᠷ ᠠᠴᠠ ᠪᠠᠨ ᠶᠢᠨ ᠹᠧᠩ ᠲᠣᠭᠤᠷᠢᠭ ᠤᠨ ᠳ᠋ᠢᠩ ᠨᠢᠤ ᠴᠦᠨ ᠲᠠᠩ ᠦᠬᠡᠷ ᠤᠨ ᠮᠢᠬ᠎ᠠ ᠲᠠᠢ ᠲᠠᠲᠠᠮᠠᠯ ᠭᠤᠯᠢᠷ ︵ᠰᠧᠨ ᠯᠢᠨ ᠪᠠᠨ ᠳ᠋ᠣᠣ ᠳᠡᠯᠭᠡᠭᠦᠷ︶᠎ ᠲᠤ ᠬᠦᠷᠪᠡ᠂ ᠎ ᠶᠢᠨ ᠹᠧᠩ ᠲᠣᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠤᠲᠠᠰᠤ ᠶᠢ ᠳᠤᠰᠤᠭᠰᠠᠨ ᠤ ᠳᠠᠷᠠᠭ᠎ᠠ᠂ ᠬᠤᠭᠤᠯᠠ ᠪᠠᠨ ᠠᠪᠴᠤ ᠭᠡᠷ ᠲᠡᠭᠡᠨ ᠬᠠᠷᠢᠵᠤ ᠬᠤᠭᠤᠯᠠᠯᠠᠪᠠ᠃ ᠲᠥᠪᠯᠡᠷᠡᠨ ᠲᠤᠰᠠᠭᠠᠷᠯᠠᠬᠤ ᠭᠠᠵᠠᠷ ᠲᠤ ᠰᠢᠯᠵᠢᠨ ᠣᠷᠣᠬᠤ ᠠᠴᠠ ᠡᠮᠦᠨ᠎ᠡ᠂ ᠳᠠᠭᠢᠵᠤ ᠭᠠᠳᠠᠭᠰᠢ ᠭᠠᠷᠤᠭᠰᠠᠨ ᠥᠬᠡᠶ᠃ ᠬᠤᠶᠠᠷ᠂ ᠱᠠᠭᠠᠷᠳᠠᠯᠭ᠎ᠠ ︵ᠨᠢᠭᠡ︶ ᠳᠡᠭᠡᠷᠡᠬᠢ ᠬᠥᠮᠦᠰ ᠤᠨ ᠶᠠᠪᠤᠵᠤ ᠰᠠᠭᠤᠭᠰᠠᠨ ᠵᠠᠮ ᠮᠥᠷ ᠲᠠᠢ ᠳᠠᠪᠬᠤᠴᠠᠭᠰᠠᠨ ᠬᠥᠮᠦᠰ ᠲᠤᠬᠠᠢ ᠶᠢᠨ ᠭᠠᠵᠠᠷ ᠤᠨ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠭᠠᠴᠠᠭ᠎ᠠ᠂ ᠨᠡᠶᠢᠭᠡᠮ ᠲᠣᠭᠤᠷᠢᠭ ︶᠎ ᠳᠤ ᠳᠠᠷᠦ᠋ᠢᠬᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠭᠠᠴᠠᠭ᠎ᠠ᠂ ᠨᠡᠶᠢᠭᠡᠮ ᠲᠣᠭᠤᠷᠢᠭ︶ ᠪᠣᠯᠤᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠠᠢ ᠬᠠᠮᠵᠢᠯᠴᠠᠨ ᠪᠥᠭᠡᠮ ᠬᠦᠴᠢᠯ ᠤᠨ ᠰᠢᠨᠵᠢᠯᠡᠭᠡ᠂ ᠬᠡᠷ ᠤᠨ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠬᠠᠮᠢᠶᠠᠷᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠪᠡ ᠮᠡᠳᠡᠭᠦᠯᠬᠦ ᠥᠬᠡᠶ ᠪᠤᠶᠤ ᠨᠢᠭᠤᠬᠤ᠂ ᠤᠳᠠᠭᠠᠰᠢᠷᠠᠭᠤᠯᠤᠨ ᠮᠡᠳᠡᠭᠦᠯᠵᠦ᠂ ᠵᠦᠢ ᠪᠤᠰᠤ ᠨᠥᠯᠥᠭᠡ ᠭᠠᠷᠭᠠᠭᠰᠠᠨ ᠪᠣᠯ᠂ ᠬᠠᠮᠢᠶ᠎ᠠ ᠪᠥᠬᠦᠶ ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ ︵ᠬᠤᠶᠠᠷ︶ ᠥᠷᠭᠡᠨ ᠣᠯᠠᠨ ᠰᠠᠭᠤᠭᠠᠯᠢ ᠠᠷᠠᠳ ᠲᠦᠮᠡᠨ ᠳᠡᠭᠡᠷᠡᠬᠢ ᠬᠥᠮᠦᠰ ᠤᠨ ᠵᠠᠮ ᠮᠥᠷ ᠵᠢᠴᠢ ᠤᠯᠤᠰ ᠤᠨ ᠳᠣᠲᠣᠭᠠᠳᠤ ᠶᠢᠨ ᠠᠶᠤᠯ ᠡᠷᠡᠰᠳᠡᠯ ᠶᠡᠬᠡᠲᠡᠶ ᠭᠠᠵᠠᠷ ᠣᠷᠣᠨ ᠤ ᠲᠣᠬᠢᠷᠠᠭᠤᠯᠤᠯᠲᠠ ᠬᠤᠪᠢᠷᠠᠯᠲᠠ ᠶᠢᠨ ᠪᠠᠶᠢᠳᠠᠯ ᠢ ᠨᠢᠭᠲᠠ ᠠᠩᠬᠠᠷᠬᠤ ᠶᠢ ᠬᠦᠰᠡᠵᠦ ᠪᠠᠶᠢᠨ᠎ᠠ᠃ ᠬᠡᠷᠪᠡ ᠡᠳᠡᠭᠡᠷ ᠬᠥᠮᠥᠰ ᠤᠨ ᠶᠠᠪᠤᠵᠤ ᠰᠠᠭᠤᠭᠰᠠᠨ ᠵᠠᠮ ᠮᠥᠷ ᠲᠠᠢ ᠳᠠᠪᠬᠤᠴᠠᠭᠰᠠᠨ ᠪᠤᠶᠤ ᠣᠶᠢᠷ᠎ᠠ ᠶᠢᠨ 14 ᠡᠳᠦᠷ ᠤᠨ ᠳᠣᠲᠣᠷ᠎ᠠ ᠰᠢ ᠠᠨ ᠬᠤᠲᠠ᠂ ᠵᠢᠶᠠ ᠢᠦᠶ ᠭᠤᠸᠠᠨ ᠬᠤᠲᠠ᠂ ᠢᠷᠭᠠᠢ ᠬᠤᠲᠠ᠂ ᠡᠷᠢᠶᠡᠨ ᠬᠤᠲᠠ᠂ ᠡᠵᠡᠨ᠎ᠡ ᠬᠤᠰᠢᠭᠤᠨ ᠳᠤ ᠬᠦᠷᠴᠦ ᠥᠩᠭᠡᠷᠡᠭᠰᠡᠨ ᠬᠥᠮᠦᠰ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠪᠠᠶᠢᠭ᠎ᠠ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠭᠠᠴᠠᠭ᠎ᠠ᠂ ᠨᠡᠶᠢᠭᠡᠮ ᠲᠣᠭᠤᠷᠢᠭ︶ ᠪᠣᠯᠤᠨ ᠨᠢᠭᠡᠴᠡ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠠᠮᠢᠶᠠᠷᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ ︵ᠭᠤᠷᠪᠠ︶ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ ᠨᠢ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ᠂ ᠡᠷᠡᠭᠦᠯ ᠮᠡᠨᠳᠦ ᠶᠢᠨ ᠮᠡᠷᠭᠡᠨ ᠴᠣᠬᠤᠷ ᠢ ᠬᠠᠷᠭᠤᠭᠤᠯᠤᠨ ᠪᠠᠶᠢᠴᠠᠭᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠬᠤᠰᠢᠭᠤᠨ ᠳᠤ ᠢᠷᠡᠭᠰᠡᠨ ᠪᠣᠶ ᠪᠥᠬᠦᠶ ᠬᠥᠮᠦᠰ ᠢ ᠨᠠᠷᠢᠪᠴᠢᠯᠠᠨ ᠪᠠᠶᠢᠴᠠᠭᠠᠵᠤ᠂ ᠪᠠᠶᠢᠴᠠᠭᠠᠨ ᠭᠠᠷᠭᠠᠭᠰᠠᠨ ᠳᠤᠮᠳᠠ ᠡᠷᠡᠰᠳᠡᠯ ᠶᠡᠬᠡᠲᠡᠶ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠬᠥᠮᠦᠰ᠂ ᠮᠡᠳᠡᠭᠡ ᠵᠠᠩᠭᠢ ᠶᠢᠨ ᠳᠡᠩᠰᠡᠯᠡᠯᠲᠡ ᠶᠢ ᠰᠠᠶᠢᠲᠤᠷ ᠬᠢᠬᠦ ᠶᠢᠨ ᠬᠠᠮᠲᠤ ᠬᠠᠷᠢᠶ᠎ᠠ ᠰᠤᠮᠤ ᠪᠠᠯᠭᠠᠰᠤ᠂ ᠵᠡᠭᠡᠯᠢ ᠭᠤᠳᠤᠮᠵᠢ ᠶᠢ ᠨᠡᠶᠢᠭᠡᠮ ᠲᠣᠭᠤᠷᠢᠭ ᠤᠨ ᠬᠠᠮᠢᠶᠠᠷᠤᠯᠲᠠ ᠳᠤ ᠣᠷᠣᠭᠤᠯᠬᠤ ᠪᠠᠷ ᠴᠠᠭ ᠲᠤᠬᠠᠶ ᠳᠤᠨᠢ ᠳᠠᠮᠵᠢᠭᠤᠯᠤᠨ ᠮᠡᠳᠡᠭᠳᠡᠬᠦ ᠬᠡᠷᠡᠭᠲᠡᠶ᠃ ᠪᠥᠬᠦ ᠬᠤᠰᠢᠭᠤᠨ ᠤ ᠵᠣᠴᠢᠳ ᠤᠨ ᠪᠠᠭᠤᠳᠠᠯ᠂ ᠬᠤᠳᠠᠯᠳᠤᠭᠠᠨ ᠤ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ᠂ ᠡᠮᠴᠢᠯᠡᠭᠡᠨ ᠤ ᠪᠠᠶᠢᠭᠤᠯᠤᠮᠵᠢ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠭᠤᠤᠯᠳᠠᠯᠭ᠎ᠠ ᠲᠠᠢ ᠭᠠᠵᠠᠷ ᠣᠷᠣᠨ ᠤ ᠬᠤᠰᠢᠭᠤᠨ ᠳᠤ ᠢᠷᠡᠭᠰᠡᠨ ᠬᠥᠮᠦᠰ ᠢ ᠰᠠᠨᠠᠭᠠᠴᠢᠯᠠᠭ᠎ᠠ ᠠᠴᠠ ᠪᠠᠨ ᠨᠠᠷᠢᠪᠴᠢᠯᠠᠨ ᠪᠠᠶᠢᠴᠠᠭᠠᠬᠤ ᠶᠢᠨ ᠬᠠᠮᠲᠤ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ︵ᠲᠥᠷᠪᠡ︶ ᠥᠷᠭᠡᠨ ᠤᠯᠠᠨ ᠰᠠᠭᠤᠭᠠᠯᠢ ᠠᠷᠠᠳ ᠪᠣᠯᠤᠨ ᠠᠯᠪᠠᠨ  ᠠᠵᠢᠯᠲᠠᠳ ᠲᠤ ᠰᠠᠨᠠᠭᠤᠯᠬᠤ ᠨᠢ ᠴᠢᠬᠤᠯᠠ ᠤᠴᠢᠷ ᠥᠭᠡᠢ ᠪᠣᠯ ᠤᠢᠢᠷ᠎ᠠ ᠶᠢᠨ ᠬᠤᠭᠤᠴᠠᠭᠠᠨ ᠲᠤ ᠬᠢᠵᠢᠭ ᠭᠠᠷᠤᠭᠰᠠᠨ ᠭᠠᠵᠠᠷ ᠲᠤ ᠣᠴᠢᠵᠤ ᠪᠣᠯᠬᠤ ᠥᠭᠡᠢ᠂ ᠦᠨᠡᠨᠬᠦ ᠣᠨᠴᠠᠭᠠᠢ ᠤᠴᠢᠷ ᠲᠠᠢ᠂ ᠵᠠᠪᠠᠯ ᠣᠴᠢᠬᠤ ᠴᠢᠬᠤᠯᠠ ᠲᠠᠢ ᠪᠣᠯ ᠬᠠᠷᠢᠶᠠᠯᠠᠭᠳᠠᠬᠤ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠭᠠᠴᠠᠭ᠎ᠠ᠂ ᠨᠡᠶᠢᠭᠡᠮ ᠲᠣᠭᠤᠷᠢᠭ︶ ᠪᠣᠯᠤᠨ ᠪᠠᠶᠢᠭᠤᠯᠭ᠎ᠠ ᠨᠢᠭᠡᠴᠢ ᠳᠡᠭᠡᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠪᠤᠴᠠᠬᠤ ᠠᠴᠠ ᠪᠠᠨ ᠡᠮᠦᠨ᠎ᠡ ᠰᠠᠨᠠᠭᠠᠴᠢᠯᠠᠭ᠎ᠠ ᠠᠴᠠ ᠪᠠᠨ ᠬᠠᠷᠢᠶ᠎ᠠ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠭᠠᠴᠠᠭ᠎ᠠ᠂ ᠨᠡᠶᠢᠭᠡᠮ ᠲᠣᠭᠤᠷᠢᠭ︶ ᠪᠣᠯᠤᠨ ᠪᠠᠶᠢᠭᠤᠯᠭ᠎ᠠ ᠨᠢᠭᠡᠴᠢ ᠳᠤ ᠪᠥᠬᠦ ᠠᠶᠠᠯᠠᠯ ᠤᠨ ᠵᠠᠮ ᠮᠥᠷ ᠪᠣᠯᠤᠨ ᠬᠦᠷᠴᠦ ᠢᠷᠡᠭᠰᠡᠨ ᠴᠠᠭ ᠢᠶᠠᠨ ᠮᠡᠳᠡᠭᠦᠯᠬᠦ ᠶᠢᠨ ᠬᠠᠮᠲᠤ᠂ ᠰᠡᠷᠭᠡᠶᠢᠯᠡᠨ ᠬᠢᠵᠠᠭᠠᠷᠯᠠᠬᠤ ᠠᠵᠢᠯ ᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ ︵ᠲᠠᠪᠤ︶ ᠬᠤᠪᠢ ᠬᠥᠮᠦᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦ᠂ ᠪᠥᠭᠡᠮᠨᠡᠷᠡᠬᠦ ᠥᠬᠡᠶ᠂ ᠵᠠᠢ ᠪᠠᠷᠢᠬᠤ᠂ ᠨᠡᠶᠢᠲᠡ ᠶᠢᠨ ᠰᠠᠪᠬ᠎ᠠ ᠬᠡᠷᠡᠭᠯᠡᠬᠦ᠂ ᠬᠠᠨᠢᠶᠠᠳᠤ ᠲᠣᠮᠣᠭᠤ ᠪᠠᠨ ᠠᠩᠬᠠᠷᠬᠤ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠲᠤᠯᠠᠬᠤ ᠬᠡᠷᠡᠭᠲᠡᠶ᠃ ᠣᠯᠠᠨ ᠬᠥᠮᠦᠨ ᠨᠢᠭᠲᠠᠷᠠᠭᠰᠠᠨ᠂ ᠨᠢᠭᠲᠠ ᠪᠢᠲᠡᠭᠦᠮᠵᠢᠯᠡᠭᠰᠡᠨ ᠪᠤᠶᠤ ᠰᠠᠯᠬᠢ ᠨᠡᠪᠲᠡᠷᠡᠬᠦ ᠥᠬᠡᠶ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃ ᠬᠤᠪᠢ ᠬᠥᠮᠦᠨ ᠤ ᠡᠷᠡᠭᠦᠯ ᠴᠢᠭᠢᠷᠠᠭ ᠤᠨ ᠪᠠᠶᠢᠳᠠᠯ ᠢ ᠨᠢᠭᠲᠠ ᠠᠵᠢᠭᠯᠠᠵᠤ᠂ ᠬᠠᠯᠠᠭᠤᠷᠠᠬᠤ᠂ ᠬᠠᠨᠢᠶᠠᠬᠤ ᠂ ᠲᠠᠮᠢᠷᠳᠠᠬᠤ᠂ ᠦᠨᠦᠷ ᠤᠨ ᠰᠡᠷᠡᠯ ᠮᠠᠭᠤᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠬᠤᠭᠤᠯᠠᠢ ᠡᠪᠡᠳᠬᠦ᠂ ᠰᠠᠯᠢᠰᠤᠲᠤ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠬᠦ ᠪᠠ ᠰᠠᠭᠤᠯᠭᠠᠬᠤ ᠵᠡᠷᠭᠡ ᠡᠪ ᠦᠭᠡᠢ ᠪᠠᠶᠢᠳᠠᠯ ᠢᠯᠡᠷᠡᠪᠡᠯ᠂ ᠲᠡᠷᠡ ᠳᠠᠷᠤᠶ ᠳᠤᠨᠢ ᠣᠶᠢᠷᠠᠯᠴᠠᠭ᠎ᠠ ᠪᠠᠶᠢᠭ᠎ᠠ ᠬᠠᠯᠠᠭᠤᠷᠠᠯ ᠤᠨ ᠡᠭᠦᠳᠡᠨ ᠡᠮᠨᠡᠯᠭᠡ ᠪᠤᠶᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠬᠦᠷᠴᠦ ᠡᠮᠨᠡᠭᠦᠯᠬᠦ ᠶᠢᠨ ᠬᠠᠮᠲᠤ ᠬᠤᠪᠢ ᠬᠥᠮᠦᠨ ᠤ ᠶᠠᠪᠤᠵᠤ ᠰᠠᠭᠤᠭᠰᠠᠨ ᠵᠠᠮ ᠮᠥᠷ ᠢᠶᠠᠨ ᠦᠨᠡᠨ ᠢᠶᠠᠷ ᠨᠢ ᠮᠡᠳᠡᠭᠳᠡᠵᠦ᠂ ᠠᠮᠠᠪᠴᠢ ᠵᠡᠭᠦᠬᠦ ᠶᠢᠨ ᠬᠠᠮᠲᠤ ᠠᠯᠢ ᠴᠢᠳᠠᠬᠤ ᠪᠠᠷ ᠨᠡᠶᠢᠲᠡ ᠶᠢᠨ ᠮᠠᠰᠢᠨ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃ ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠸᠢᠷᠦ᠋ᠰ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ 2021 ᠣᠨ ᠤ10 ᠳ᠋ᠤᠭᠠᠷ ᠰᠠᠷ᠎ᠠ ᠶᠢᠨ 18 ᠬᠠᠷᠢᠯᠴᠠᠬᠤ ᠤᠲᠠᠰᠤ᠄ ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ᠄ 0483 — 8222360 ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0483 — 8222678 ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 0483-8770110 ᠠᠯᠠᠱᠠ ᠵᠡᠭᠦᠨ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠄ 0483-8222144
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号