ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠸᠢᠷᠦ᠋ᠰ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠷᠪᠠᠨ ᠭᠤᠷᠪᠠᠳᠤᠭᠠᠷ ᠠᠯᠪᠠᠨ ᠵᠠᠷ
ᠨᠡᠶᠢᠲᠡᠯᠡᠭᠰᠡᠨ ᠴᠠᠭ᠄
2021/10/19
2021 ᠣᠨ ᠤ 10 ᠰᠠᠷ᠎ᠠ ᠶᠢᠨ 19᠎ ᠤ ᠡᠳᠦᠷ᠂ ᠡᠵᠡᠨ᠎ᠡ ᠬᠤᠰᠢᠭᠤᠨ ᠳᠤ ᠠᠭᠤᠰᠬᠢᠨ ᠦᠷᠪᠢᠰᠦᠯ ᠢᠶᠠᠷ 5 ᠡᠪᠡᠳᠴᠢᠨ ᠤ ᠲᠣᠬᠢᠶᠠᠯᠳᠤᠯ ᠢ ᠣᠨᠣᠰᠢᠯᠠᠪᠠ᠃ ᠡᠭᠦᠨ ᠤ ᠵᠡᠷᠭᠡ ᠳᠤ᠂ ᠰᠢᠨ᠎ᠡ ᠪᠠᠷ ᠪᠠᠶᠢᠴᠠᠭᠠᠭᠰᠠᠨ ᠸᠢᠷᠦ᠋ᠰ ᠤᠨ ᠪᠥᠭᠡᠮ ᠬᠦᠴᠢᠯ ᠤᠨ ᠰᠢᠨᠵᠢᠯᠡᠭᠡᠨ ᠤ ᠳ᠋ᠦᠩ ᠨᠢ ᠡᠶᠡᠷᠡᠬᠦ ᠭᠠᠷᠤᠭᠰᠠᠨ 2 ᠬᠥᠮᠦᠨ ᠤ ᠰᠢᠨᠵᠢᠯᠡᠭᠡ ᠶᠢ ᠳᠠᠬᠢᠨ ᠬᠢᠨᠠᠵᠤ ᠪᠠᠶᠢᠨ᠎ᠠ᠃ ᠣᠳᠣᠬᠠᠨ ᠳᠤ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠨᠡᠯᠢᠶᠡᠳ ᠬᠦᠨᠳᠦ ᠨᠣᠴᠢᠲᠠᠢ ᠪᠠᠶᠢᠨ᠎ᠠ᠂ ᠮᠠᠨ ᠤ ᠬᠤᠰᠢᠭᠤᠨ ᠤ ︽ᠭᠠᠳᠠᠨ᠎ᠠ ᠳᠣᠲᠤᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠬᠦ︾ ᠠᠷᠭ᠎ᠠ ᠪᠤᠲᠤᠯᠭ᠎ᠠ ᠶᠢ ᠲᠤᠤᠱᠲᠠᠢ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠬᠦ  ᠡᠷᠡᠰᠳᠡᠯ ᠢ ᠪᠦᠲᠦᠮᠵᠢᠲᠡᠶ ᠪᠠᠷ ᠬᠢᠵᠠᠭᠠᠷᠯᠠᠬᠤ ᠪᠠ ᠪᠠᠭᠠᠰᠬᠠᠬᠤ ᠶᠢᠨ ᠲᠤᠰᠠᠳᠠ᠂ ᠬᠢᠵᠢᠭ ᠤᠨ  ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠵᠠᠷᠯᠠᠰᠤᠭᠠᠢ᠃ ᠨᠢᠭᠡ᠂ 2021 ᠣᠨ ᠤ 10 ᠳ᠋ᠤᠭᠠᠷ ᠰᠠᠷ᠎ᠠ ᠶᠢᠨ 11᠎ ᠤ ᠡᠳᠦᠷ ᠠᠴᠠ ᠨᠠᠰᠢ ᠡᠵᠡᠨ᠎ᠡ ᠬᠤᠰᠢᠭᠤ ᠠᠴᠠ ᠠᠯᠠᠱᠠ ᠵᠡᠭᠦᠨ ᠬᠤᠰᠢᠭᠤᠨ ᠳᠤ ᠪᠤᠴᠠᠭᠰᠠᠨ ᠬᠥᠮᠦᠰ ᠰᠠᠭᠤᠭ᠎ᠠ ᠭᠠᠵᠠᠷ ᠤᠨ ᠢᠶᠠᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠳᠤ ᠳᠠᠷᠦ᠋ᠢᠬᠠᠨ ᠮᠡᠳᠡᠭᠦᠯᠬᠦ ᠶᠢᠨ ᠬᠠᠮᠲᠤ᠂ ᠪᠥᠭᠡᠮ ᠬᠦᠴᠢᠯ ᠤᠨ ᠰᠢᠨᠵᠢᠯᠡᠭᠡ᠂ ᠬᠡᠷ ᠤᠨ ᠲᠤᠰᠠᠭᠠᠷᠯᠠᠯᠲᠠ ᠶᠢᠨ ᠬᠢᠨᠠᠨ ᠬᠡᠮᠵᠢᠯᠲᠡ ᠵᠡᠷᠭᠡ ᠤᠷᠢᠳᠴᠢᠯᠠᠨ  ᠰᠡᠷᠭᠡᠶᠢᠯᠡᠨ ᠬᠢᠵᠠᠭᠠᠷᠯᠠᠬᠤ  ᠠᠷᠭ᠎ᠠ ᠠᠪᠴᠠᠯ ᠢ ᠢᠳᠡᠪᠬᠢᠲᠡᠢ ᠭᠦᠢᠴᠡᠳᠬᠡᠬᠦ ᠬᠡᠷᠡᠭᠲᠡᠶ᠃ ᠬᠡᠷᠪᠡ ᠮᠡᠳᠡᠭᠦᠯᠬᠦ ᠥᠬᠡᠶ ᠨᠢᠭᠤᠭᠰᠠᠨ ᠪᠤᠶᠤ ᠬᠤᠳᠠᠯ ᠢᠶᠠᠷ ᠮᠡᠳᠡᠭᠦᠯᠵᠦ᠂ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠠᠶᠢᠪᠠᠯ ᠬᠠᠮᠢᠶ᠎ᠠ ᠪᠥᠬᠦᠶ ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠢᠨ ᠳᠠᠭᠠᠤ ᠨᠡᠬᠡᠮᠵᠢᠯᠡᠨ᠎ᠡ᠃ ᠬᠤᠶᠠᠷ᠂ ᠣᠶᠢᠷ᠎ᠠ ᠶᠢᠨ ᠬᠤᠭᠤᠴᠠᠭᠠᠨ ᠳᠤ ᠴᠢᠬᠤᠯᠠ ᠤᠴᠢᠷ ᠦᠭᠡᠢ ᠪᠣᠯ᠂ ᠬᠢᠵᠢᠭ ᠤᠨ ᠬᠠᠯᠳᠠᠪᠤᠷᠢ ᠭᠠᠷᠤᠭᠰᠠᠨ ᠬᠤᠲᠠ ᠪᠠ ᠭᠠᠵᠠᠷ ᠣᠷᠣᠨ ᠢᠶᠠᠷ ᠵᠤᠭᠠᠴᠠᠵᠤ ᠪᠣᠯᠬᠤ ᠥᠬᠡᠶ᠂ ᠠᠯᠪᠠᠨ ᠠᠵᠢᠯ ᠢᠶᠠᠷ ᠭᠠᠳᠠᠭᠰᠢ ᠭᠠᠷᠬᠤ᠂ ᠲᠥᠷᠥᠯ ᠰᠠᠳᠤᠨ ᠤ ᠳᠠᠭᠠᠨ ᠣᠴᠢᠬᠤ᠂ ᠨᠠᠶᠢᠵᠠ ᠨᠥᠬᠦᠳ ᠲᠠᠢ ᠪᠠᠨ ᠵᠣᠯᠭᠠᠬᠤ ᠴᠢᠬᠤᠯᠠᠲᠠᠢ ᠪᠣᠯ᠂ ᠬᠡᠷᠪᠡ ᠵᠠᠪᠠᠯ ᠬᠠᠯᠳᠠᠪᠤᠷᠢ ᠠᠴᠠ ᠰᠡᠷᠭᠡᠶᠢᠯᠡᠬᠦ ᠠᠵᠢᠯ ᠢ ᠰᠠᠶᠢᠲᠤᠷ ᠬᠢᠭᠰᠡᠨ ᠪᠠᠶᠢᠬᠤ ᠬᠡᠷᠡᠭᠲᠡᠢ︔ ᠮᠠᠨ ᠤ ᠬᠤᠰᠢᠭᠤᠨ ᠳᠤ ᠪᠤᠴᠠᠬᠤ ᠬᠥᠮᠥᠰ ᠤᠷᠢᠳᠴᠢᠯᠠᠨ ᠥᠪᠡᠷ ᠤᠨ ᠪᠠᠶᠢᠭᠤᠯᠭ᠎ᠠ ᠨᠢᠭᠡᠴᠢ ᠪᠣᠯᠤᠨ ᠨᠡᠶᠢᠭᠡᠮ ᠲᠣᠭᠤᠷᠢᠭ ᠲᠤ ᠤᠷᠢᠳᠴᠢᠯᠠᠨ ᠮᠡᠳᠡᠭᠦᠯᠦᠨ ᠪᠦᠷᠢᠳᠬᠡᠭᠦᠯᠵᠦ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ  ᠠᠷᠭ᠎ᠠ ᠠᠪᠴᠠᠯ ᠢ ᠨᠠᠶᠢᠳᠠᠪᠤᠷᠢᠵᠢᠭᠤᠯᠬᠤ ᠬᠡᠷᠡᠭᠲᠡᠶ᠃ ᠭᠤᠷᠪᠠ᠂ ᠳᠠᠶᠢᠯᠠᠯᠭ᠎ᠠ᠂ ᠬᠤᠷᠠᠯ ᠴᠤᠭᠯᠠᠭᠠᠨ᠂ ᠵᠤᠭ᠎ᠠ ᠴᠡᠩᠭᠡᠯ ᠤᠨ ᠭᠠᠵᠠᠷ ᠤᠳ ᠲᠤ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ᠂ ᠡᠷᠡᠭᠦᠯ ᠮᠡᠨᠳᠦ ᠶᠢᠨ ᠮᠡᠷᠭᠡᠨ ᠴᠣᠬᠤᠷ ᠪᠠ ᠠᠶᠠᠯᠠᠯ ᠤᠨ ᠮᠡᠷᠭᠡᠨ ᠴᠣᠬᠤᠷ ᠢ ᠬᠠᠷᠭᠤᠭᠤᠯᠤᠨ ᠪᠠᠶᠢᠴᠠᠭᠠᠬᠤ ᠵᠡᠷᠭᠡ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ  ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠵᠤ᠂ 100 ᠬᠥᠮᠦᠨ ᠠᠴᠠ ᠳᠡᠭᠡᠭᠰᠢ ᠳᠠᠶᠢᠯᠠᠯᠭ᠎ᠠ᠂ ᠬᠤᠷᠠᠯ ᠴᠤᠭᠯᠠᠭᠠᠨ ᠵᠡᠷᠭᠡ ᠬᠥᠮᠦᠰ ᠤᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠥᠷᠨᠢᠭᠦᠯᠬᠦ ᠳᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ  ᠵᠢᠯᠣᠭᠤᠳᠬᠤ ᠭᠠᠵᠠᠷ ᠲᠤ ᠤᠷᠢᠳᠴᠢᠯᠠᠨ ᠮᠡᠳᠡᠭᠦᠯᠵᠦ ᠪᠦᠷᠢᠳᠬᠡᠭᠦᠯᠬᠦ ᠬᠡᠷᠡᠭᠲᠡᠶ᠃ ᠠᠵᠢᠯᠯᠠᠭ᠎ᠠ ᠶᠢ ᠭᠤᠤᠯᠯᠠᠨ ᠡᠷᠭᠢᠯᠡᠬᠦ ᠲᠠᠯ᠎ᠠ ᠪᠠ ᠳᠠᠭᠠᠭᠠᠨ ᠭᠦᠢᠴᠡᠳᠬᠡᠬᠦ ᠲᠠᠯ᠎ᠠ ᠨᠢ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠵᠦ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ  ᠠᠷᠭ᠎ᠠ ᠠᠪᠴᠠᠯ ᠢ ᠵᠡᠷᠭᠡᠪᠡᠷ ᠨᠠᠶᠢᠳᠠᠪᠤᠷᠢᠵᠢᠭᠤᠯᠬᠤ ᠬᠡᠷᠡᠭᠲᠡᠶ᠃ ᠳᠥᠷᠪᠡ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ᠂ ᠬᠤᠭᠤᠯᠠᠨ ᠤ ᠭᠠᠵᠠᠷ᠂ ᠵᠣᠴᠢᠳ ᠤᠨ ᠪᠠᠭᠤᠳᠠᠯ᠂ ᠲᠠᠷᠢᠶᠠᠯᠠᠩ ᠠᠷᠠᠯᠵᠢᠶ᠎ᠠ ︵ᠴᠤᠭᠯᠠᠭ᠎ᠠ ᠮᠠᠶᠢᠮᠠᠶ︶᠎ ᠶᠢᠨ ᠵᠠᠬ᠎ᠠ ᠳᠡᠯᠭᠡᠭᠦᠷ᠂ ᠰᠣᠶᠣᠯ ᠤᠨ ᠠᠵᠢᠯᠯᠠᠭᠠᠨ ᠤ ᠭᠠᠵᠠᠷ᠂ ᠴᠡᠩᠭᠭᠦᠨ ᠤ ᠭᠠᠵᠠᠷ᠂ ᠡᠮᠴᠢᠯᠡᠭᠡᠨ ᠤ ᠪᠠᠶᠢᠭᠤᠯᠤᠮᠵᠢ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠵᠢᠴᠢ ᠨᠢᠰᠬᠡᠯ ᠤᠨ ᠪᠠᠭᠤᠳᠠᠯ᠂ ᠮᠠᠰᠢᠨ ᠲᠡᠷᠭᠡᠨ ᠤ ᠥᠷᠲᠡᠭᠡ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠰᠠᠯᠬᠢ ᠨᠡᠪᠲᠡᠷᠡᠭᠦᠯᠵᠦ᠂ ᠭᠡᠷ ᠣᠷᠣᠨ ᠢᠶᠠᠨ ᠠᠷᠢᠭᠤᠳᠬᠠᠨ ᠴᠡᠪᠡᠷᠯᠡᠵᠦ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠮᠡᠷᠭᠡᠨ ᠴᠣᠬᠤᠷ ᠪᠠ ᠠᠶᠠᠯᠠᠯ ᠤᠨ ᠮᠡᠷᠭᠡᠨ ᠴᠣᠬᠤᠷ ᠢ ᠪᠠᠶᠢᠴᠠᠭᠠᠨ ᠰᠢᠯᠭᠠᠬᠤ ᠵᠡᠷᠭᠡ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ  ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠲᠠᠪᠤ᠂ ᠥᠷᠭᠡᠨ ᠤᠯᠠᠨ ᠲᠦᠮᠡᠨ ︽ᠠᠮᠠᠪᠴᠢ ᠵᠡᠭᠦᠬᠦ ︵ᠢᠯᠠᠩᠭᠤᠶ᠎ᠠ ᠨᠡᠶᠢᠲᠡ ᠶᠢᠨ ᠮᠠᠰᠢᠨ ᠳᠤ ᠰᠠᠭᠤᠬᠤ ᠪᠠ ᠤᠯᠠᠨ ᠨᠡᠶᠢᠲᠡ ᠶᠢᠨ ᠲᠠᠯᠠᠪᠤᠷ ᠲᠤ ᠶᠠᠪᠤᠵᠤ ᠰᠠᠭᠤᠬᠤ ᠳᠤ︶᠂ ᠭᠠᠷ ᠢᠶᠠᠨ ᠰᠠᠶᠢᠲᠤᠷ ᠤᠬᠢᠶᠠᠬᠤ᠂ ᠭᠡᠷ ᠣᠷᠣᠨ ᠢᠶᠠᠨ ᠠᠷᠢᠭᠤᠳᠬᠠᠨ ᠴᠡᠪᠡᠷᠯᠡᠬᠦ᠂ ᠴᠤᠭᠯᠠᠷᠠᠯ ᠤᠨ ᠠᠵᠢᠯᠯᠠᠭ᠎ᠠ ᠪᠠᠨ ᠪᠠᠭᠠᠰᠬᠠᠬᠤ᠂ ᠬᠤᠭᠤᠷᠣᠨᠳᠤ ᠶᠢᠨ ᠵᠠᠢ ᠎ ᠪᠠᠨ ᠪᠠᠲᠤᠯᠠᠬᠤ᠂ ᠨᠡᠶᠢᠲᠡ ᠶᠢᠨ ᠰᠠᠪᠬ᠎ᠠ ᠬᠡᠷᠡᠭᠯᠡᠬᠦ᠂ ᠬᠤᠪᠢ ᠬᠤᠪᠢ ᠳᠡᠭᠡᠨ ᠬᠤᠭᠤᠯᠠᠯᠠᠬᠤ ᠲᠦᠷᠢᠮ︾ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠬᠤ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠠᠮᠠᠪᠴᠢ ᠪᠠᠨ ᠰᠠᠶᠢᠲᠤᠷ ᠵᠡᠭᠦᠬᠦ ᠶᠢᠨ ᠬᠠᠮᠲᠤ ᠴᠠᠭ ᠲᠤᠬᠠᠶ ᠳᠤᠨᠢ ᠣᠶᠢᠷᠠᠯᠴᠠᠭ᠎ᠠ ᠪᠠᠶᠢᠭ᠎ᠠ ᠬᠠᠯᠠᠭᠤᠷᠠᠯ ᠢ ᠡᠮᠴᠢᠯᠡᠬᠦ ᠡᠮᠨᠡᠯᠭᠡ ᠶᠢᠨ ᠬᠤᠷᠢᠶ᠎ᠠ ᠳᠤ ᠬᠦᠷᠴᠦ ᠨᠠᠷᠢᠪᠴᠢᠯᠠᠨ ᠪᠠᠶᠢᠴᠠᠭᠠᠨ ᠣᠨᠣᠰᠢᠯᠠᠨ ᠲᠣᠳᠣᠯᠠᠵᠤ᠂ ᠡᠮᠨᠡᠭᠦᠯᠬᠦ ᠶᠠᠪᠤᠴᠠ ᠳᠤ ᠨᠡᠶᠢᠲᠡ ᠶᠢᠨ ᠮᠠᠰᠢᠨ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠤᠨ ᠣᠷᠳᠣ ᠬᠤᠭᠤᠴᠠᠭᠠᠲᠤ ᠴᠢᠨᠠᠷ᠂ ᠪᠤᠳᠤᠯᠢᠶᠠᠨᠲᠤ ᠴᠢᠨᠠᠷ᠂ ᠬᠦᠨᠳᠦ ᠨᠣᠴᠢᠲᠠᠶ ᠴᠢᠨᠠᠷ ᠢ ᠭᠦᠢᠴᠡᠳ ᠲᠠᠨᠢᠵᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠶᠢᠨ ᠬᠢᠵᠢᠭ ᠤᠨ ᠢ ᠨᠢᠭᠲᠠ ᠠᠩᠬᠠᠷᠴᠤ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠬᠤᠪᠢ ᠬᠥᠮᠦᠨ ᠤ ᠬᠠᠷᠢᠭᠤᠴᠠᠯᠭ᠎ᠠ ᠪᠠ ᠡᠭᠦᠷᠭᠡ ᠪᠠᠨ ᠬᠢᠨᠠᠮᠠᠭᠠᠶ ᠭᠦᠢᠴᠡᠳᠬᠡᠵᠦ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠬᠤᠯᠪᠣᠭᠳᠠᠯ ᠪᠥᠬᠦᠶ ᠲᠣᠭᠲᠠᠭᠠᠯ ᠢ ᠵᠠᠪᠠᠯ ᠵᠢᠷᠤᠮᠯᠠᠬᠤ ᠬᠡᠷᠡᠭᠲᠡᠶ᠃ ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0483 — 8222360 ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0483 — 8222678 ᠠᠯᠠᠱᠠ ᠵᠡᠭᠦᠨ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠄ 0483-8222144 ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠸᠢᠷᠦ᠋ᠰ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 2021 ᠣᠨ ᠤ 10 ᠳ᠋ᠤᠭᠠᠷ ᠰᠠᠷ᠎ᠠ ᠶᠢᠨ 19 ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号