ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶᠠᠨ ᠤ ᠭᠠᠵᠠᠷ ᠢ ᠳᠤᠮᠳᠠ ᠵᠡᠷᠭᠡ ᠶᠢᠨ ᠠᠶᠤᠯ ᠡᠷᠡᠰᠳᠡᠯ ᠲᠠᠢ  ᠣᠷᠣᠨ  ᠢᠶᠠᠷ  ᠲᠣᠭᠲᠠᠭᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2021/10/21
                  ᠬᠢᠵᠢᠭ ᠤᠨ ᠬᠠᠯᠳᠠᠪᠤᠷᠢ ᠶᠢ ᠪᠦᠲᠦᠮᠵᠢᠲᠡᠶ ᠬᠢᠵᠠᠭᠠᠷᠯᠠᠨ᠂ ᠬᠢᠵᠢᠭ ᠤᠨ ᠬᠠᠯᠳᠠᠪᠤᠷᠢ ᠴᠠᠷ ᠬᠦᠷᠢᠶ᠎ᠡ ᠥᠷᠭᠡᠵᠢᠨ ᠲᠡᠯᠡᠬᠦ ᠠᠴᠠ ᠡᠷᠡᠰ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ   ᠬᠠᠮᠠᠭᠠᠯᠠᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠲᠤᠷᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠣᠷᠣᠨ ᠬᠤᠪᠢᠶᠠᠨ ᠲᠠᠰ ᠬᠤᠪᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ ᠨᠠᠷᠢᠯᠢᠭ ᠣᠨᠣᠴᠠᠲᠠᠶ ᠪᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠲᠤᠬᠠᠶ ᠮᠡᠳᠡᠭᠳᠡᠯ︾ ︵ᠲᠥᠷᠥ ᠶᠢᠨ ᠴᠠᠬᠢᠯᠭᠠᠨ ᠮᠡᠳᠡᠭᠡ ᠲᠠᠷᠬᠠᠭᠠᠭᠰᠠᠨ ︹ 2020 ︺ 11  ᠳ᠋ᠦ᠋ᠭᠡᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ ᠠᠴᠠ ᠵᠢᠭᠠᠪᠤᠷᠢ ᠠᠪᠴᠤ ᠰᠤᠳᠤᠯᠤᠨ ᠵᠥᠪᠰᠢᠶᠡᠷᠡᠬᠦ ᠪᠠᠷ ᠳᠡᠮᠵᠢᠨ᠂ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠰᠢᠨᠬᠤᠸᠠ ᠵᠡᠭᠡᠯᠢ ᠭᠤᠳᠤᠮᠵᠢ ᠬᠡᠷᠡᠭ ᠡᠷᠬᠢᠯᠡᠬᠦ ᠭᠠᠵᠠᠷ ᠤᠨ ᠬᠠᠷᠢᠶᠠᠨ ᠤ ᠭᠠᠵᠠᠷ ᠢ ᠳᠤᠮᠳᠠ ᠵᠡᠷᠭᠡ ᠶᠢᠨ ᠠᠶᠤᠯ ᠡᠷᠡᠰᠳᠡᠯ ᠲᠠᠢ  ᠣᠷᠣᠨ ᠢᠶᠠᠷ ᠲᠣᠭᠲᠠᠭᠠᠪᠠ᠃     ᠢᠷᠭᠡᠳ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠲᠠᠯ᠎ᠠ ᠪᠠᠷ ᠤᠬᠠᠭᠠᠯᠢᠭ᠂ ᠲᠠᠶᠢᠪᠦᠩ ᠬᠠᠨᠳᠤᠵᠤ᠂ ᠳᠤᠤᠯᠢᠶᠠᠨ ᠱᠤᠤᠭᠢᠶᠠᠨ ᠲᠠᠷᠢᠬᠤ ᠦᠭᠡᠢ᠂ ᠲᠣᠳᠣᠷᠬᠠᠢ ᠢᠷᠡᠯᠳᠡ ᠦᠭᠡᠢ ᠮᠡᠳᠡᠭᠡ ᠵᠠᠩᠭᠢ ᠶᠢ ᠳᠠᠮᠵᠢᠭᠤᠯᠬᠤ ᠦᠭᠡᠢ ᠪᠠᠶᠢᠵᠤ᠂ ᠥᠪᠡᠷ ᠢ ᠪᠠᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠪᠣᠯᠤᠨ ᠡᠯ᠎ᠡ ᠪᠠᠶᠢᠭᠤᠯᠭ᠎ᠠ ᠨᠢᠭᠡᠴᠢ ᠶᠢᠨ ᠠᠵᠢᠯ ᠢ ᠢᠳᠡᠪᠬᠢᠲᠡᠢ ᠲᠡᠮᠵᠢᠨ ᠬᠠᠮᠵᠢᠯᠴᠠᠵᠤ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠤᠨ ᠢᠯᠠᠯᠲᠠ ᠶᠢ ᠵᠠᠪᠠᠯ ᠤᠯᠬᠤ ᠎ ᠪᠠᠷ ᠴᠢᠷᠮᠠᠶᠢᠬᠤ ᠬᠡᠷᠡᠭᠲᠡᠢ ᠭᠡᠪᠡ᠃    ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ     2021 ᠣᠨ ᠤ 10 ᠳ᠋ᠤᠭᠠᠷ ᠰᠠᠷ᠎ᠠ ᠶᠢᠨ 21
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号