ᠠᠯᠠᠱᠠ ᠵᠡᠭᠦᠨ ᠬᠤᠰᠢᠭᠤᠨ ᠤ ᠳᠣᠲᠣᠭᠠᠳᠤ ᠳᠤ ᠪᠠᠨ 1 ᠡᠪᠡᠳᠴᠢᠨ ᠤ  ᠲᠣᠬᠢᠶᠠᠯᠳᠤᠯ ᠢ ᠣᠨᠣᠰᠢᠯᠠᠭᠰᠠᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2021/10/21
   10 ᠳ᠋ᠤᠭᠠᠷ ᠰᠠᠷ᠎ᠠ ᠶᠢᠨ 21᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠣᠨᠣᠰᠢᠯᠠᠭ᠎ᠠ ᠪᠠᠷ ᠳᠡᠮᠵᠢᠨ᠂ ᠠᠯᠠᠱᠠ ᠵᠡᠭᠦᠨ ᠬᠤᠰᠢᠭᠤᠨ ᠤ ᠪᠥᠭᠡᠮ ᠬᠦᠴᠢᠯ ᠎ ᠤᠨ ᠳᠠᠬᠢᠨ ᠰᠢᠨᠵᠢᠯᠡᠭᠡ ᠤ ᠬᠠᠷᠢᠭᠤ ᠨᠢ ᠡᠶᠡᠷᠡᠬᠦ ᠭᠠᠷᠤᠭᠰᠠᠨ ᠭᠦᠸᠧ ᠣᠪᠣᠭᠲᠤ ᠶᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ︵ᠬᠥᠩᠭᠡᠨ ᠵᠡᠷᠭᠡᠯᠡᠯ︶᠎ ᠢᠶᠠᠷ ᠪᠠᠲᠤᠯᠠᠭᠳᠠᠪᠠ᠂ ᠭᠦᠸᠧ ᠣᠪᠣᠭᠲᠤ ᠶᠢ ᠨᠢᠭᠡᠨᠲᠡ ᠠᠯᠠᠱᠠ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠡᠮᠴᠢᠯᠡᠭᠦᠯᠵᠦ ᠪᠣᠢ᠃ ᠬᠠᠯᠳᠠᠪᠤᠷᠢ ᠡᠪᠡᠳᠴᠢᠨ ᠤ ᠰᠢᠨᠵᠢᠯᠡᠭᠡ ᠱᠠᠭᠠᠷᠳᠠᠯᠭ᠎ᠠ ᠶᠢᠨ ᠳᠠᠭᠠᠤ᠂ ᠨᠠᠷᠢᠪᠴᠢᠯᠠᠨ ᠪᠠᠶᠢᠴᠠᠭᠠᠬᠤ ᠠᠵᠢᠯ ᠦᠷᠭᠦᠯᠵᠢᠯᠡᠨ ᠶᠠᠪᠤᠭᠳᠠᠵᠤ ᠪᠣᠢ᠃ ᠢᠷᠭᠡᠳ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠲᠠᠯ᠎ᠠ ᠪᠠᠷ ᠤᠬᠠᠭᠠᠯᠢᠭ᠂ ᠲᠠᠶᠢᠪᠦᠩ ᠬᠠᠨᠳᠤᠵᠤ᠂ ᠳᠤᠤᠯᠢᠶᠠᠨ ᠱᠤᠤᠭᠢᠶᠠᠨ ᠲᠠᠷᠢᠬᠤ ᠦᠭᠡᠢ᠂ ᠲᠣᠳᠣᠷᠬᠠᠢ ᠢᠷᠡᠯᠳᠡ ᠦᠭᠡᠢ ᠮᠡᠳᠡᠭᠡ ᠵᠠᠩᠭᠢ ᠶᠢ ᠳᠠᠮᠵᠢᠭᠤᠯᠬᠤ ᠦᠭᠡᠢ ᠪᠠᠶᠢᠵᠤ᠂ ᠥᠪᠡᠷ ᠢ ᠪᠠᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠪᠣᠯᠤᠨ ᠡᠯ᠎ᠡ ᠪᠠᠶᠢᠭᠤᠯᠭ᠎ᠠ ᠨᠢᠭᠡᠴᠢ ᠶᠢᠨ ᠠᠵᠢᠯ ᠢ ᠢᠳᠡᠪᠬᠢᠲᠡᠢ ᠲᠡᠮᠵᠢᠨ ᠬᠠᠮᠵᠢᠯᠴᠠᠵᠤ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠤᠨ ᠢᠯᠠᠯᠲᠠ ᠶᠢ ᠵᠠᠪᠠᠯ ᠤᠯᠬᠤ ᠎ ᠪᠠᠷ ᠴᠢᠷᠮᠠᠶᠢᠬᠤ ᠬᠡᠷᠡᠭᠲᠡᠢ ᠭᠡᠪᠡ᠃    ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ     2021 ᠣᠨ ᠤ 10 ᠳ᠋ᠤᠭᠠᠷ ᠰᠠᠷ᠎ᠠ ᠶᠢᠨ 21  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号