ᠠᠯᠠᠱᠠ ᠵᠡᠭᠦᠨ ᠬᠤᠰᠢᠭᠤᠨ ᠤ ᠡᠯ᠎ᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2021/10/21
ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠵᠦ᠂ ᠠᠶᠤᠯ ᠡᠷᠡᠰᠳᠡᠯ ᠢ ᠪᠦᠲᠦᠮᠵᠢᠲᠡᠶ ᠬᠢᠵᠠᠭᠠᠷᠯᠠᠬᠤ ᠪᠠ ᠪᠠᠭᠠᠰᠬᠠᠬᠤ ᠶᠢᠨ ᠲᠥᠯᠥᠭᠡ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ︽ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 31 ᠳ᠋ᠦ᠋ᠭᠡᠷ ᠲᠣᠭᠠᠲᠤ ᠠᠯᠪᠠᠨ ᠵᠠᠷ︾ ︽ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 13 ᠳ᠋ᠤᠭᠠᠷ ᠲᠣᠭᠠᠲᠤ ᠠᠯᠪᠠᠨ ᠵᠠᠷ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠪᠥᠬᠦ ᠬᠤᠰᠢᠭᠤᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠵᠢᠭ ‍ᠤᠨ‌ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠷᠭ᠎ᠠ ᠠᠪᠴᠠᠯ ᠢ ᠴᠢᠩᠭᠠᠳᠬᠠᠬᠤ ᠲᠤᠬᠠᠶ ᠠᠳᠡ ᠵᠠᠷᠯᠠᠨ ᠨᠡᠶᠢᠲᠡᠯᠡᠶ᠎ᠡ᠄     ᠨᠢᠭᠡ᠂ ᠬᠤᠳᠠᠯᠳᠤᠭᠠᠨ ᠤ ᠳᠡᠯᠭᠡᠭᠦᠷ ᠬᠡᠳᠦ ᠳᠡᠯᠭᠡᠭᠦᠷ᠂ ᠲᠠᠷᠢᠶᠠᠯᠠᠩ ᠤᠨ ᠠᠷᠠᠯᠵᠢᠶ᠎ᠠ ︵ᠴᠤᠭᠯᠠᠭ᠎ᠠ ᠮᠠᠶᠢᠮᠠᠶ︶᠎ ᠶᠢᠨ ᠵᠠᠬ᠎ᠠ ᠳᠡᠯᠭᠡᠭᠦᠷ᠂ ᠬᠤᠭᠤᠯᠠᠨ ᠤ ᠭᠠᠵᠠᠷ᠂ ᠵᠣᠴᠢᠳ ᠤᠨ ᠪᠠᠭᠤᠳᠠᠯ᠂ ᠡᠮ ᠤᠨ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠵᠢᠴᠢ ᠨᠢᠰᠬᠡᠯ ᠤᠨ ᠪᠠᠭᠤᠳᠠᠯ᠂ ᠮᠠᠰᠢᠨ ᠲᠡᠷᠭᠡᠨ ᠤ ᠥᠷᠲᠡᠭᠡ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠷᠭ᠋ ᠠᠪᠴᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢ ᠰᠠᠶᠢᠲᠤᠷ ᠬᠢᠵᠦ᠂ ᠡᠵᠡᠩᠨᠡᠯᠲᠡ ᠶᠢᠨ ᠲᠠᠯᠠᠪᠤᠷ ᠤᠨ ᠰᠠᠯᠬᠢ ᠰᠠᠶᠢᠨ ᠨᠡᠪᠲᠡᠷᠡᠬᠦ᠂ ᠠᠷᠢᠭᠤᠨ ᠴᠡᠪᠡᠷ ᠪᠠᠶᠢᠬᠤ ᠶᠢ ᠪᠠᠲᠤᠯᠠᠵᠤ᠂ ᠡᠵᠡᠩᠨᠡᠵᠦ ᠬᠤᠭᠤᠯᠠᠯᠠᠬᠤ ᠲᠠᠯᠠᠪᠤᠷ ᠵᠢᠴᠢ ᠣᠯᠠᠨ ᠨᠡᠶᠢᠲᠡ ᠶᠢᠨ ᠪᠡᠯᠡᠳᠬᠡᠮᠵᠢ ᠲᠥᠬᠦᠭᠡᠷᠦᠮᠵᠢ ᠶᠢ ᠴᠠᠭ ᠲᠤᠬᠠᠶ ᠳᠤᠨᠢ ᠠᠷᠢᠭᠤᠳᠬᠠᠨ ᠶᠢᠨ ᠬᠠᠮᠲᠤ ᠰᠠᠶᠢᠲᠤᠷ ᠪᠦᠷᠢᠳᠬᠡᠨ ᠲᠡᠮᠳᠡᠭᠯᠡᠯ ᠬᠢᠬᠦ ᠬᠡᠷᠡᠭᠲᠡᠶ᠃ ᠬᠤᠶᠠᠷ᠂ ᠡᠯ᠎ᠡ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠨᠢ ᠬᠡᠷᠡᠭᠯᠡᠭᠴᠢᠳ ᠲᠤ ᠠᠮᠠᠪᠴᠢ ᠵᠡᠭᠦᠬᠦ ᠶᠢ ᠵᠢᠷᠤᠮᠵᠢᠭᠤᠯᠤᠨ᠂ ᠬᠤᠭᠤᠷᠣᠨᠳᠤ ᠶᠢᠨ ᠵᠠᠶ ᠶᠢ ᠪᠠᠲᠤᠯᠠᠵᠤ᠂ ᠲᠠᠯᠠᠪᠤᠷ ᠲᠤ ᠣᠷᠣᠬᠤ ᠬᠥᠮᠦᠰ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ ᠵᠢᠴᠢ ᠡᠷᠡᠭᠦᠯ ᠮᠡᠨᠳᠦ ᠶᠢᠨ ᠮᠡᠷᠭᠡᠨ ᠴᠣᠬᠤᠷ ᠪᠠ ᠠᠶᠠᠯᠠᠯ ᠤᠨ ᠮᠡᠷᠭᠡᠨ ᠴᠣᠬᠤᠷ ᠢ ᠬᠠᠷᠭᠤᠭᠤᠯᠤᠨ ᠪᠠᠶᠢᠴᠠᠭᠠᠬᠤ ᠠᠵᠢᠯ ᠢ ᠴᠢᠩᠭ᠎ᠠ ᠰᠠᠶᠢᠲᠤᠷ ᠬᠢᠬᠦ ᠶᠢ ᠰᠠᠨᠠᠭᠤᠯᠬᠤ ᠬᠡᠷᠡᠭᠲᠡᠶ᠃ ᠭᠤᠷᠪᠠ᠂ ᠬᠤᠷᠢᠮ ᠨᠠᠶᠢᠷ ᠵᠡᠷᠭᠡ ᠲᠤᠮᠤ ᠬᠡᠯᠪᠡᠷᠢ ᠶᠢᠨ ᠬᠠᠮᠲᠤ ᠶᠢᠨ ᠳᠠᠶᠢᠯᠠᠯᠭ᠎ᠠ ᠶᠢᠨ ᠠᠵᠢᠯᠯᠠᠭ᠎ᠠ ᠶᠢ ᠲᠦᠷ ᠵᠣᠭᠰᠣᠭᠠᠵᠤ᠂ ᠠᠷᠢᠬᠢᠨ ᠪᠠᠭᠠᠷ ᠵᠡᠷᠭᠡ ᠵᠤᠭ᠎ᠠ ᠴᠡᠩᠭᠡᠯ ᠤᠨ ᠴᠢᠨᠠᠷᠲᠠᠶ ᠨᠠᠶᠢᠷ ᠴᠤᠭᠯᠠᠭᠠᠨ ᠤ ᠡᠵᠡᠩᠨᠡᠯᠲᠡ ᠶᠢᠨ ᠠᠵᠢᠯᠯᠠᠭ᠎ᠠ ᠶᠢ ᠲᠦᠷ ᠵᠣᠭᠰᠣᠭᠠᠨ᠎ᠠ᠃ ᠬᠠᠮᠢᠶ᠎ᠠ ᠪᠥᠬᠦᠶ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠡ ᠨᠦᠭᠦᠳ ᠬᠡᠷᠡᠭᠯᠡᠭᠴᠢᠳ ᠯᠦᠭᠡ ᠶᠢᠨ ᠵᠣᠬᠢᠴᠠᠯᠳᠤᠨ ᠨᠡᠪᠲᠡᠷᠡᠯᠴᠡᠬᠦ ᠶᠢ ᠢᠳᠡᠪᠬᠢᠲᠡᠶ ᠰᠠᠶᠢᠲᠤᠷ ᠬᠢᠬᠦ ᠬᠡᠷᠡᠭᠲᠡᠶ᠃ ᠳᠥᠷᠪᠡ᠂ ᠭᠠᠳᠠᠭᠠᠳᠤ ᠠᠴᠠ ᠣᠷᠣᠭᠤᠯᠤᠭᠰᠠᠨ ᠰᠣᠷᠭᠤᠭ ᠢᠶᠠᠷ ᠨᠢ ᠬᠠᠳᠠᠭᠠᠯᠠᠬᠤ  ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠳ ᠡᠷᠬᠡᠪᠰᠢ ᠦᠨᠡᠮᠯᠡᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠪᠠᠷ ᠬᠤᠳᠠᠯᠳᠤᠨ ᠣᠷᠣᠭᠤᠯᠤᠭᠰᠠᠨ ᠪᠠ ᠭᠠᠳᠠᠭᠠᠳᠤ ᠠᠴᠠ ᠣᠷᠣᠭᠤᠯᠤᠭᠰᠠᠨ ᠰᠣᠷᠭᠤᠭ ᠢᠶᠠᠷ ᠨᠢ ᠬᠠᠳᠠᠭᠠᠯᠠᠬᠤ ᠢᠳᠡᠭᠡᠨ ᠢ ᠡᠷᠬᠡᠪᠰᠢ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠡᠷᠬᠡᠪᠰᠢ ᠳᠠᠬᠢᠨ ᠪᠠᠶᠢᠴᠠᠭᠠᠭᠠᠳ ᠬᠢᠷᠢ ᠲᠡᠩᠴᠡᠭᠰᠡᠨ ᠤ ᠳᠠᠷᠠᠭ᠎ᠠ ᠬᠡᠷᠡᠭᠯᠡᠵᠦ ᠪᠣᠷᠣᠯᠠᠭᠤᠯᠬᠤ ᠬᠡᠷᠡᠭᠲᠡᠶ᠃ ᠲᠠᠪᠤ᠂ ᠡᠮ ᠤᠨ ᠳᠡᠯᠭᠡᠭᠦᠷ ︵ᠰᠦᠯᠵᠢᠶ᠎ᠡ ᠪᠠᠷ ᠪᠣᠷᠣᠯᠠᠭᠤᠯᠬᠤ ᠶᠢ ᠪᠠᠭᠲᠠᠭᠠᠨ᠎ᠠ︶᠎ ᠨᠢ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ᠂ ᠨᠢᠶᠠᠨ ᠳᠠᠷᠤᠭᠴᠢ ᠶᠢ ᠡᠰᠡᠷᠭᠦᠴᠡᠬᠦ ᠳᠥᠷᠪᠡᠨ ᠲᠥᠷᠥᠯ ᠤᠨ ᠡᠮ ᠤᠨ ᠵᠦᠢᠯ ᠢ ᠪᠣᠷᠣᠯᠠᠭᠤᠯᠬᠤ ᠳᠤ ᠡᠷᠬᠡᠪᠰᠢ ᠦᠨᠡᠨ ᠨᠡᠷ᠎ᠡ ᠪᠠᠷ ᠢᠶᠠᠨ ᠲᠡᠮᠳᠡᠭᠯᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠰᠢᠰᠲ᠋ᠧᠮ ᠳᠤ ᠮᠡᠳᠡᠭᠦᠯᠵᠦ᠂ ᠡᠮ ᠬᠤᠳᠠᠯᠳᠤᠨ ᠠᠪᠤᠭᠰᠠᠨ ᠮᠡᠳᠡᠭᠡ ᠵᠠᠩᠭᠢ ᠶᠢ ᠪᠦᠷᠢᠳᠬᠡᠬᠦ ᠬᠡᠷᠡᠭᠲᠡᠢ᠃ ᠬᠠᠯᠠᠭᠤᠷᠠᠭᠰᠠᠨ ᠡᠪᠡᠳᠴᠢᠨ ᠤ ᠢᠯᠡᠷᠡᠯ ᠲᠠᠢ ᠡᠮ ᠬᠡᠷᠡᠭᠯᠡᠭᠰᠡᠳ ᠢ ᠳᠠᠩᠰᠠᠯᠠᠬᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠵᠢᠷᠭᠤᠭ᠎ᠠ᠂ ᠬᠤᠳᠠᠯᠳᠤᠭᠠᠨ ᠤ ᠬᠡᠳᠦ ᠳᠡᠯᠭᠡᠭᠦᠷ᠂ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠤᠨ ᠡᠵᠡᠩᠨᠡᠭᠴᠢ ᠦᠨ᠎ᠡ ᠬᠠᠩᠰᠢ ᠶᠢ ᠢᠯᠡ ᠲᠡᠮᠳᠡᠭᠯᠡᠵᠦ᠂ ᠦᠨ᠎ᠡ ᠬᠠᠩᠰᠢ ᠶᠢᠨ ᠱᠣᠰᠢᠭ᠎ᠠ ᠪᠠ ᠦᠨ᠎ᠡ ᠬᠠᠩᠰᠢ ᠶᠢᠨ ᠭᠠᠷᠴᠠᠭ ᠢ ᠪᠦᠷᠢᠨ ᠭᠦᠢᠴᠡᠳ ᠪᠠᠶᠢᠯᠭᠠᠵᠤ᠂ ᠦᠨ᠎ᠡ ᠬᠠᠩᠰᠢ ᠶᠢᠨ ᠠᠭᠤᠯᠭ᠎ᠠ ᠨᠢ ᠦᠨᠡᠨ ᠪᠣᠳᠠᠲᠠᠶ ᠪᠥᠭᠡᠳ ᠲᠣᠳᠣᠷᠬᠠᠶ ᠪᠠᠶᠢᠬᠤ ᠶᠢ ᠪᠡᠶᠡᠯᠡᠭᠦᠯᠵᠦ᠂ ᠦᠨ᠎ᠡ ᠬᠠᠳᠠᠬᠤ ᠠᠴᠠ ᠭᠠᠳᠠᠨ᠎ᠠ ᠲᠠᠸᠠᠷ ᠢ ᠦᠨ᠎ᠡ ᠨᠡᠮᠡᠵᠦ ᠬᠤᠳᠠᠯᠳᠤᠵᠤ ᠪᠣᠯᠬᠤ ᠦᠭᠡᠢ᠂ ᠶᠠᠮᠠᠷ ᠴᠤ ᠲᠣᠳᠣᠷᠬᠠᠶᠢᠯᠠᠭᠰᠠᠨ ᠦᠭᠡᠢ ᠰᠦᠢᠳᠬᠡᠯ ᠬᠤᠷᠢᠶᠠᠵᠤ ᠪᠣᠯᠬᠤ ᠦᠭᠡᠢ᠂ ᠬᠤᠭᠤᠷᠣᠨᠳᠣ ᠪᠠᠨ ᠰᠥᠯᠪᠡᠭᠡᠯᠳᠦᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠡᠵᠡᠮᠳᠡᠵᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠵᠢᠷᠤᠮ ᠢ ᠰᠠᠮᠠᠭᠤᠷᠠᠭᠤᠯᠵᠤ ᠪᠣᠯᠬᠤ ᠦᠭᠡᠢ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠢ ᠠᠰᠢᠭᠯᠠᠨ ᠦᠨ᠎ᠡ ᠬᠠᠩᠰᠢ ᠥᠰᠦᠭᠰᠡᠨ ᠮᠡᠳᠡᠭᠡ ᠵᠠᠩᠭᠢ ᠶᠢ ᠬᠤᠳᠠᠯ ᠢᠶᠠᠷ ᠵᠣᠬᠢᠶᠠᠵᠤ᠂ ᠲᠠᠷᠬᠠᠭᠠᠵᠤ᠂ ᠦᠨ᠎ᠡ ᠬᠠᠩᠰᠢ ᠶᠢ ᠲᠦᠷᠭᠢᠯᠳᠦᠨ ᠥᠰᠬᠡᠵᠦ᠂ ᠲᠠᠸᠠᠷ ᠤᠨ ᠦᠨ᠎ᠡ ᠬᠠᠩᠰᠢ ᠬᠡᠳᠦ ᠥᠨᠳᠥᠷ᠂ ᠬᠡᠳᠦ ᠲᠦᠷᠭᠡᠨ ᠥᠰᠬᠦ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠵᠢᠷᠤᠮ ᠢ ᠰᠠᠮᠠᠭᠤᠷᠠᠭᠤᠯᠵᠤ ᠪᠣᠯᠬᠤ ᠦᠭᠡᠢ᠃ ᠪᠥᠬᠦ ᠬᠤᠰᠢᠭᠤᠨ ᠤ ᠡᠯ᠎ᠡ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠨᠢ ᠣᠳᠣᠬᠠᠨ ᠤ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠡᠵᠡᠮᠳᠡᠬᠦ ᠪᠠᠶᠢᠳᠠᠯ ᠤᠨ ᠪᠤᠳᠤᠯᠢᠶᠠᠨᠲᠤ ᠴᠢᠨᠠᠷ᠂ ᠬᠦᠨᠳᠦ ᠨᠣᠴᠢᠲᠠᠶ ᠴᠢᠨᠠᠷ ᠢ ᠭᠦᠢᠴᠡᠳ ᠲᠠᠨᠢᠵᠤ᠂ ᠬᠢᠵᠢᠭ ᠤᠨ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠤᠨ ᠵᠢᠯᠣᠭᠤᠳᠣᠯᠭ᠎ᠠ ᠪᠠ ᠬᠢᠨᠠᠨ ᠵᠢᠯᠣᠭᠤᠳᠴᠤ ᠪᠠᠶᠢᠴᠠᠭᠠᠬᠤ ᠪᠠᠨ ᠦᠷᠭᠦᠯᠵᠢᠯᠡᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠥᠬᠡᠶ᠂ ᠪᠠᠷᠠᠭᠠᠨ ᠤ ᠦᠨ᠎ᠡ ᠶᠢ ᠲᠦᠷᠬᠢᠭᠦᠯᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠬᠤᠳᠠᠯ ᠬᠠᠭᠤᠷᠮᠠᠭ ᠴᠢᠨᠠᠷ ᠮᠠᠭᠤ ᠵᠡᠷᠭᠡ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠷᠭ᠎ᠠ ᠠᠪᠴᠠᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2021 ᠣᠨ ᠤ 10 ᠳ᠋ᠤᠭᠠᠷ ᠰᠠᠷ᠎ᠠ ᠶᠢᠨ 20
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号