ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠪᠠᠶᠠᠨᠬᠤᠲᠠ ᠪᠠᠯᠭᠠᠰᠤᠨ ᠤ  ᠨᠢᠭᠡ ᠬᠥᠮᠥᠨ ᠤ ᠪᠥᠭᠡᠮ ᠬᠦᠴᠢᠯ ᠤᠨ ᠰᠢᠨᠵᠢᠯᠡᠭᠡᠨ ᠤ ᠬᠠᠷᠢᠭᠤ ᠨᠢ ᠡᠶᠡᠷᠡᠬᠦ ᠭᠠᠷᠤᠭᠰᠠᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2021/10/21
10 ᠳ᠋ᠤᠭᠠᠷ ᠰᠠᠷ᠎ᠠ ᠶᠢᠨ 20᠎ ᠤ ᠡᠳᠦᠷ᠂ ᠠᠯᠠᠱᠠ ᠵᠡᠭᠦᠨ ᠬᠤᠰᠢᠭᠤᠨ ᠳᠤ  ᠨᠢᠭᠡ ᠬᠥᠮᠥᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠰᠢᠨᠵᠢᠯᠡᠭᠡᠨ ᠤ ᠬᠠᠷᠢᠭᠤ ᠨᠢ ᠡᠶᠡᠷᠡᠬᠦ ᠭᠠᠷᠪᠠ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ    ᠵᠠᠷᠯᠠᠨ ᠨᠡᠶᠢᠲᠡᠯᠡᠶ᠎ᠡ᠃ ᠭᠦᠸᠧ ᠣᠪᠣᠭᠲᠤ᠂ ᠡᠷᠡᠭᠲᠡᠶ᠂ 53 ᠨᠠᠰᠤᠲᠠᠶ᠂ 10 ᠳ᠋ᠤᠭᠠᠷ ᠰᠠᠷ᠎ᠠ ᠶᠢᠨ 20᠎ ᠤ ᠡᠳᠦᠷ ᠤᠨ 1᠄ 10᠎ ᠶᠢᠨ ᠬᠠᠮᠲᠤ ᠶᠢᠨ ᠰᠢᠨᠵᠢᠯᠡᠭᠡᠨ ᠤ ᠳ᠋ᠦᠩ ᠨᠢ ᠡᠶᠡᠷᠡᠬᠦ ᠴᠢᠨᠠᠷᠲᠠᠶ ᠪᠠᠶᠢᠵᠤ᠂ 10 ᠳ᠋ᠤᠭᠠᠷ ᠰᠠᠷ᠎ᠠ ᠶᠢᠨ 20᠎ ᠤ ᠡᠳᠦᠷ ᠤᠨ 13 ᠴᠠᠭ 40 ᠮᠢᠨᠦ᠋ᠲ ᠲᠤ᠂ 1᠄ 1᠎ ᠶᠢᠨ ᠳᠠᠬᠢᠨ ᠰᠢᠨᠵᠢᠯᠡᠭᠰᠡᠨ ᠤ ᠳ᠋ᠦᠩ ᠨᠢ ᠮᠥᠨ ᠡᠶᠡᠷᠡᠬᠦ ᠭᠠᠷᠴᠠᠢ᠃ ᠲᠤᠰ ᠬᠥᠮᠥᠨ ᠢ ᠨᠢᠭᠡᠨᠲᠡ ᠠᠯᠠᠱᠠ ᠵᠡᠭᠦᠨ ᠬᠤᠰᠢᠭᠤᠨ ᠤ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠳᠤ  ᠰᠢᠯᠵᠢᠭᠦᠯᠦᠨ ᠡᠮᠴᠢᠯᠡᠭᠡᠨ ᠤ ᠨᠢᠭᠡᠳᠦᠯᠲᠡᠢ ᠲᠤᠰᠠᠭᠠᠷᠯᠠᠯᠲᠠ ᠪᠠᠷ ᠣᠨᠣᠰᠢᠯᠠᠵᠤ ᠪᠣᠢ᠂ ᠪᠤᠰᠤᠳ ᠬᠤᠯᠪᠣᠭᠳᠠᠯ ᠪᠥᠬᠦᠶ ᠪᠠᠶᠢᠳᠠᠯ ᠢ ᠶᠠᠭ ᠬᠠᠷᠭᠤᠭᠤᠯᠤᠨ ᠳᠣᠲᠣᠯᠠᠵᠤ ᠪᠠᠶᠢᠨ᠎ᠠ᠃     ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠥᠷᠭᠡᠨ ᠤᠯᠠᠨ ᠰᠠᠭᠤᠭᠠᠯᠢ ᠠᠷᠠᠳ ᠢ ᠠᠶᠤᠵᠤ ᠰᠠᠨᠳᠤᠷᠤᠭᠰᠠᠨ ᠤ ᠬᠡᠷᠡᠭ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠵᠤ᠂ ᠰᠠᠨᠠᠭᠠᠴᠢᠯᠠᠭ᠎ᠠ ᠠᠴᠠ ᠪᠠᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠠᠮᠤᠷ ᠲᠦᠪᠰᠢᠨ ᠤ ᠬᠤᠭᠤᠷᠣᠨᠳᠤ ᠶᠢᠨ ᠵᠠᠢ ᠶᠢ ᠪᠠᠲᠤᠯᠠᠬᠤ ᠬᠡᠷᠡᠭᠲᠡᠢ︔ ᠪᠥᠭᠡᠮᠨᠡᠷᠡᠬᠦ ᠥᠬᠡᠶ᠂ ᠴᠥᠭᠡᠨ ᠴᠤᠭᠯᠠᠷᠠᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ  ᠰᠠᠨᠠᠭᠠᠴᠢᠯᠠᠵᠤ ᠪᠠᠶᠢᠨ᠎ᠠ︔ ᠸᠠᠺᠼᠢᠨ ᠢ ᠢᠳᠡᠪᠬᠢᠲᠡᠢ ᠲᠠᠷᠢᠬᠤ ᠬᠡᠷᠡᠭᠲᠡᠢ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ᠂ ᠳᠠᠷᠦ᠋ᠢᠬᠠᠨ ᠣᠶᠢᠷᠠᠯᠴᠠᠭ᠎ᠠ ᠪᠠᠶᠢᠭ᠎ᠠ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠶᠢᠨ ᠬᠠᠮᠲᠤ 14 ᠡᠳᠦᠷ ᠤᠨ ᠬᠥᠳᠡᠯᠭᠡᠭᠡᠨ ᠤ ᠵᠠᠮ ᠮᠥᠷ ᠵᠢᠴᠢ ᠬᠦᠷᠦᠯᠴᠡᠭᠰᠡᠨ ᠲᠡᠦᠬᠡ ᠶᠢ ᠰᠠᠨᠠᠭᠠᠴᠢᠯᠠᠭ᠎ᠠ ᠠᠴᠠ ᠪᠠᠨ ᠬᠡᠯᠡᠵᠦ ᠥᠭᠬᠦ ᠬᠡᠷᠡᠭᠲᠡᠶ᠃ ᠡᠪᠡᠳᠴᠢᠨ ᠦᠵᠡᠭᠦᠯᠬᠦ ᠶᠠᠪᠤᠴᠠ ᠳᠤ ᠠᠮᠠᠪᠴᠢ ᠵᠡᠭᠦᠵᠦ᠂ ᠠᠯᠢ ᠴᠢᠳᠠᠬᠤ ᠪᠠᠷ ᠨᠡᠶᠢᠲᠡ ᠶᠢᠨ ᠮᠠᠰᠢᠨ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃     ᠳᠠᠭᠠᠯᠳᠤᠭᠤᠯᠤᠯ᠄ ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠸᠢᠷᠦ᠋ᠰ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠬᠠᠷᠢᠯᠴᠠᠬᠤ ᠤᠲᠠᠰᠤ᠄ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0483 — 8336105 ᠠᠯᠠᠱᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0483 — 8582006     ᠠᠯᠠᠱᠠ ᠠᠶᠢᠮᠠᠭ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠄ 0483 — 2289018 ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0483 — 8222360     ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0483 — 8222678 ᠠᠯᠠᠱᠠ ᠵᠡᠭᠦᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠄ 0483-8222144    ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ        2021 ᠣᠨ ᠤ 10 ᠳ᠋ᠤᠭᠠᠷ ᠰᠠᠷ᠎ᠠ ᠶᠢᠨ 20  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号