ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ ᠤᠨ ᠨᠢᠬᠡ ᠪᠥᠭᠡᠮ ᠬᠦᠴᠢᠯ ᠤᠨ ᠰᠢᠨᠵᠢᠯᠡᠭᠡ ᠡᠶᠡᠷᠡᠬᠦ ᠳ᠋ᠦᠩ ᠲᠠᠢ ᠲᠣᠬᠢᠶᠠᠯᠳᠤᠯ ᠤᠨ ᠶᠠᠪᠤᠵᠤ ᠰᠠᠭᠤᠭᠰᠠᠨ ᠵᠠᠮ ᠮᠥᠷ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2021/10/21
2021 ᠣᠨ ᠤ 10 ᠳ᠋ᠤᠭᠠᠷ ᠰᠠᠷ᠎ᠠ ᠶᠢᠨ 20᠎ ᠤ ᠡᠳᠦᠷ᠂ ᠠᠯᠠᠱᠠ ᠵᠡᠭᠦᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ ᠮᠡᠳᠡᠭᠦᠯᠦᠯᠲᠡ ᠳᠤ 1᠄ 10᠎ ᠶᠢᠨ ᠰᠢᠨ᠎ᠡ ᠲᠢᠲᠢᠮᠯᠢᠭ ᠸᠢᠷᠦ᠋ᠰ ᠤᠨ ᠬᠠᠮᠲᠤ ᠶᠢᠨ ᠪᠠᠶᠢᠴᠠᠭᠠᠯᠲᠠ ᠶᠢᠨ ᠦᠷ᠎ᠡ ᠳ᠋ᠦᠩ ᠨᠢ ᠡᠶᠡᠷᠡᠬᠦ ᠴᠢᠨᠠᠷ ᠲᠠᠢ ᠪᠠᠶᠢᠪᠠ᠃ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ ᠠᠴᠠ 10 ᠪᠠᠶᠢᠴᠠᠭᠠᠭᠳᠠᠭᠴᠢ ᠶᠢ ᠲᠤᠰᠠᠭᠠᠷᠯᠠᠭᠰᠠᠨ ᠴᠡᠭ ᠲᠤ ᠰᠢᠯᠵᠢᠭᠦᠯᠦᠨ ᠲᠤᠰᠠᠭᠠᠷᠯᠠᠨ ᠬᠠᠮᠢᠶᠠᠷᠤᠨ ᠡᠵᠡᠮᠳᠡᠵᠦ᠂ ︽ᠵᠡᠷᠭᠡᠪᠡᠷ ᠠᠪᠴᠦ ᠵᠡᠷᠭᠡᠪᠡᠷ ᠪᠠᠶᠢᠴᠠᠭᠠᠬᠤ︾ ᠠᠷᠭ᠎ᠠ ᠶᠢ ᠬᠡᠷᠡᠭᠯᠡᠨ᠂ ᠠᠯᠠᠱᠠ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢᠶᠠᠷ ᠳᠠᠬᠢᠨ ᠬᠠᠷᠭᠤᠭᠤᠯᠤᠭᠰᠠᠨ ᠳᠤ ᠭᠦᠸᠧ ᠣᠪᠣᠭᠲᠤ ᠶᠢᠨ ᠪᠥᠭᠡᠮ ᠬᠦᠴᠢᠯ ᠤᠨ  ᠰᠢᠨᠵᠢᠯᠡᠭᠡᠨ ᠤ ᠬᠠᠷᠢᠭᠤ ᠨᠢ ᠡᠶᠡᠷᠡᠬᠦ ᠳ᠋ᠦᠩ ᠲᠠᠢ ᠣᠨᠣᠰᠢᠯᠠᠭᠳᠠᠪᠠ᠃ ᠣᠳᠣᠬᠠᠨ ᠳᠤ᠂ ᠭᠦᠸᠧ ᠣᠪᠣᠭᠲᠤ ᠶᠢᠨ ᠣᠶᠢᠷ᠎ᠠ ᠶᠢᠨ ᠬᠠᠪᠢᠳᠠᠯ᠂ ᠴᠠᠰᠢᠳᠠ ᠶᠢᠨ ᠬᠠᠪᠢᠳᠠᠯ ᠤᠨ ᠬᠥᠮᠦᠰ ᠢ ᠪᠥᠬᠦ ᠲᠠᠯ᠎ᠠ ᠪᠠᠷ  ᠨᠠᠷᠢᠪᠴᠢᠯᠠᠨ ᠪᠠᠶᠢᠴᠠᠭᠠᠵᠤ ᠮᠥᠷᠳᠡᠨ ᠬᠠᠮᠢᠶᠠᠷᠴᠤ ᠬᠢᠨᠠᠯᠲᠠ ᠳᠤ ᠬᠠᠮᠤᠷᠤᠭᠤᠯᠤᠨ᠎ᠠ᠃ ᠭᠦᠸᠧ ᠣᠪᠣᠭᠲᠤ ᠶᠢᠨ ᠠᠵᠢᠯᠯᠠᠭᠠᠨ ᠤ ᠵᠠᠮ ᠮᠥᠷ᠄ 2021 ᠣᠨ ᠤ 10 ᠳ᠋ᠤᠭᠠᠷ ᠰᠠᠷ᠎ᠠ ᠶᠢᠨ 4᠎ ᠤ ᠡᠳᠦᠷ ᠭᠦᠸᠧ ᠣᠪᠣᠭᠲᠤ 6 ᠬᠥᠮᠦᠨ ︵ᠭᠦᠸᠧ ᠣᠪᠣᠭᠲᠤ ᠨᠢᠭᠡ ᠭᠡᠷ ᠤᠨ 3 ᠬᠥᠮᠦᠨ᠂ ᠳᠡᠬᠦᠨ ᠤ ᠬᠤᠳᠠ ᠪᠤᠯᠬᠤ ᠯᠢᠦ ᠣᠪᠣᠭᠲᠤ ᠨᠢᠭᠡ ᠭᠡᠷ ᠤᠨ 3 ᠬᠥᠮᠦᠨ︶ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠠᠴᠠ ᠮᠠᠰᠢᠨ ᠵᠢᠯᠣᠭᠤᠳᠴᠤ ᠴᠧᠩᠳᠦ᠋ ᠳᠤ ᠵᠢᠭᠤᠯᠴᠢᠯᠠᠬᠤ ᠵᠠᠮ ᠳᠠᠭᠠᠨ ᠬᠠᠨᠵᠦ᠋ᠩ ᠬᠤᠳᠠ ᠶᠢᠨ ᠬᠤᠩ ᠢᠦᠢ ᠬᠤᠳᠠᠯᠳᠤᠭᠠᠨ ᠤ ᠵᠣᠴᠢᠳ ᠤᠨ ᠪᠠᠭᠤᠳᠠᠯ ᠳᠤ ᠬᠤᠨᠣᠭᠯᠠᠪᠠ᠃ 10 ᠳ᠋ᠤᠭᠠᠷ ᠰᠠᠷ᠎ᠠ ᠶᠢᠨ 5᠎ ᠤ ᠡᠳᠦᠷ ᠴᠧᠩᠳᠦ᠋ ᠬᠤᠲᠠ ᠶᠢᠨ ᠷᠦᠩ ᠲᠦᠩ ᠰᠢᠨᠬᠤᠸᠠ ᠪᠠᠭᠤᠳᠠᠯ ᠳᠤ ᠪᠠᠭᠤᠳᠠᠯᠯᠠᠪᠠ᠃ 10 ᠳ᠋ᠤᠭᠠᠷ ᠰᠠᠷ᠎ᠠ ᠶᠢᠨ 6᠎ ᠤ ᠡᠳᠦᠷ ᠠᠴᠠ 9᠎ ᠤ ᠡᠳᠦᠷ ᠪᠣᠯᠲᠠᠯ᠎ᠠ ᠯᠤᠱᠠᠨ ᠬᠤᠲᠠ᠂ ᠧ ᠮᠧᠶ ᠱᠠᠨ ᠬᠤᠲᠠ᠂ ᠳ᠋ᠦ᠋ ᠵᠢᠶᠠᠩ ᠶᠠᠨ ᠬᠤᠲᠠ ᠳᠤ ᠵᠢᠭᠤᠯᠴᠢᠯᠠᠵᠡᠢ᠃ 10 ᠳ᠋ᠤᠭᠠᠷ ᠰᠠᠷ᠎ᠠ ᠶᠢᠨ 10᠎ ᠤ ᠡᠳᠦᠷ ᠴᠧᠩᠳᠦ᠋ ᠬᠤᠳᠠ ᠠᠴᠠ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠳᠤ ᠪᠤᠴᠠᠬᠤ ᠵᠠᠮ ᠳᠠᠭᠠᠨ ᠳ᠋ᠧ ᠶᠠᠩ ᠬᠤᠳᠠ ᠶᠢᠨ ᠲᠦᠷᠭᠡᠨ ᠤ ᠵᠠᠮ ᠤᠨ ᠬᠠᠵᠠᠭᠤ ᠶᠢᠨ ︽ᠰᠤ᠋ 8︾ ᠪᠠᠭᠤᠳᠠᠯ ᠳᠤ ᠬᠤᠨᠣᠵᠤ ᠥᠩᠭᠡᠷᠡᠪᠡ᠃ 10 ᠳ᠋ᠤᠭᠠᠷ ᠰᠠᠷ᠎ᠠ ᠶᠢᠨ 11᠎ ᠤ ᠡᠳᠦᠷ ᠤᠨ 21᠄ 53 ᠴᠠᠭ ᠲᠤ ᠭᠦᠸᠧ ᠣᠪᠣᠭᠲᠤ 3 ᠬᠥᠮᠦᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠵᠢᠶᠠᠨ ᠺᠠᠩ ᠬᠤᠸᠠ ᠶᠤᠸᠠᠨ ᠬᠤᠷᠢᠶᠠᠯᠠᠯ ᠤᠨ ᠬᠡᠷ ᠲᠡᠭᠡᠨ ᠪᠤᠴᠠᠵᠤ ᠢᠷᠡᠵᠦ᠂ ᠬᠠᠮᠳᠤ ᠶᠠᠪᠤᠭᠰᠠᠨ ᠯᠢᠦ ᠣᠪᠣᠭᠲᠤ 3 ᠬᠥᠮᠦᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠮᠸᠢ ᠯᠢᠩ ᠸᠠᠨ ᠬᠤᠷᠢᠶᠠᠯᠠᠯ ᠳᠤ ᠬᠠᠷᠢᠵᠦ᠂ ᠴᠥᠮ ᠭᠠᠳᠠᠭᠰᠢ ᠭᠠᠷᠤᠭᠰᠠᠨ ᠦᠭᠡᠶ᠃ 10 ᠳ᠋ᠤᠭᠠᠷ ᠰᠠᠷ᠎ᠠ ᠶᠢᠨ 12᠎ ᠤᠨ ᠡᠳᠦᠷ ᠤᠨ 8᠄ 15 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠲᠥᠪ ᠵᠠᠬ᠎ᠠ ᠳᠡᠯᠭᠡᠭᠦᠷ ᠤᠨ ᠵᠡᠭᠦᠨ ᠡᠭᠦᠳᠡᠨ ᠤ ᠨᠢᠬᠡᠨ ᠥᠷᠯᠥᠭᠡᠨ ᠤ ᠬᠤᠭᠤᠯᠠᠨ ᠬᠡᠷ ᠲᠤ ᠬᠤᠭᠤᠯᠠ ᠢᠳᠡᠵᠦ ︵ᠳᠡᠯᠭᠡᠭᠦᠷ ᠤᠨ ᠨᠡᠷ᠎ᠡ ᠨᠢ ᠲᠣᠳᠣᠷᠬᠠᠶ ᠥᠬᠡᠶ᠂ ᠲᠣᠭᠠᠴᠠᠭ᠎ᠠ ᠬᠢᠭᠰᠡᠨ ᠸᠢᠴᠠᠲ᠄ ᠡᠷᠡᠯᠬᠡᠭ ᠪᠦᠷᠭᠦᠳ ᠬᠠᠯᠢᠨ ᠳᠡᠭᠦᠯᠢᠨ᠎ᠡ︶ ᠪᠠᠶᠢᠭᠠᠳ ᠬᠡᠷ ᠲᠡᠭᠡᠨ ᠬᠠᠷᠢᠪᠠ︔ 11᠄ 03 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠠᠬᠠᠮᠠᠳ ᠴᠡᠷᠢᠭ ᠤᠨ ᠢᠳᠡᠰᠢᠨ ᠨᠤᠭᠤᠭ᠎ᠠ ᠶᠢᠨ ᠳᠡᠯᠭᠡᠭᠦᠷ ᠠᠴᠠ ᠨᠣᠭᠤᠭ᠎ᠠ ᠬᠤᠳᠠᠯᠳᠤᠨ ᠠᠪᠤᠭᠠᠳ ᠬᠡᠷ ᠲᠡᠭᠡᠨ ᠪᠤᠴᠠᠪᠠ︔ 16᠄ 37 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠲᠢᠶᠠᠨ ᠾᠧᠩ ᠶᠡᠷᠦᠩᠬᠡᠶᠢᠯᠡᠭᠰᠡᠨ ᠡᠭᠦᠳᠡᠨ ᠡᠮᠨᠡᠯᠭᠡ ᠠᠴᠠ ᠡᠮ ᠬᠤᠳᠠᠯᠳᠤᠨ ᠠᠪᠴᠤ᠂ ᠡᠨᠡ ᠬᠤᠭᠤᠴᠠᠭᠠᠨ ᠳᠤ ᠨᠢᠭᠡ ᠡᠷᠡᠭᠲᠡᠶ ᠡᠮᠴᠢ ᠴᠢᠰᠤᠨ ᠳᠠᠷᠤᠯᠲᠠ ᠶᠢ ᠨᠢ ᠬᠡᠮᠵᠢᠵᠦ ᠦᠭᠭᠦᠭᠰᠡᠨ ᠪᠠᠶᠢᠪᠠ᠃ ᠳᠡᠨᠳᠡ ᠠᠴᠠ ᠬᠡᠷ ᠲᠡᠭᠡᠨ ᠬᠠᠷᠢᠭᠠᠳ ᠭᠠᠳᠠᠭᠰᠢ ᠭᠠᠷᠤᠭᠰᠠᠨ ᠥᠬᠡᠶ᠃ 10 ᠳ᠋ᠤᠭᠠᠷ ᠰᠠᠷ᠎ᠠ ᠶᠢᠨ 13᠎ ᠤ ᠡᠳᠦᠷ ᠤᠨ 7᠄ 17 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠱᠢ ᠪᠥᠸᠧ ᠶᠤᠸᠠᠨ ᠬᠠᠴᠢᠨ ᠴᠢᠯᠠᠭᠤᠨ ᠬᠤᠳᠠ ᠳᠠᠬᠢ ᠪᠠᠶ ᠬᠤᠩ ᠦᠬᠡᠷ ᠤᠨ ᠮᠢᠬᠠᠲᠠᠶ ᠲᠠᠲᠠᠮᠠᠯ ᠭᠤᠯᠢᠷ ᠤᠨ ᠬᠤᠭᠤᠯᠠᠨ ᠬᠡᠷ ᠲᠤ ᠬᠤᠭᠤᠯᠠ ᠢᠳᠡᠵᠦ᠂ ᠳᠠᠷᠠᠭ᠎ᠠ ᠨᠢ ᠦᠬᠠᠶ ᠬᠤᠲᠠ ᠶᠢᠨ ᠭᠤᠸᠠᠩ ᠨᠠ ᠨᠡᠭᠦᠷᠡᠰᠦ ᠤᠬᠢᠶᠠᠬᠤ ᠦᠢᠯᠡᠳᠪᠦᠷᠢ ᠳᠤ ᠬᠥᠷᠪᠡ︔ 13᠄ 07᠎ ᠲᠤ ᠦᠬᠠᠶ ᠬᠤᠲᠠ ᠶᠢᠨ ᠭᠤᠸᠠᠩ ᠨᠠ ᠨᠡᠭᠦᠷᠡᠰᠦ ᠤᠬᠢᠶᠠᠬᠤ ᠦᠢᠯᠡᠳᠪᠦᠷᠢ ᠳᠤ ᠬᠦᠷᠴᠦ ᠨᠡᠭᠦᠷᠡᠰᠦ ᠰᠠᠪᠠᠯᠠᠪᠠ ︵ᠨᠡᠭᠦᠷᠡᠰᠦ ᠰᠠᠪᠠᠯᠠᠭᠰᠠᠨ ᠵᠣᠭᠤᠰ ᠢ ᠸᠢᠴᠠᠲ ᠤᠨ ᠨᠡᠷ᠎ᠡ ᠪᠠᠷ ᠥᠭᠪᠡ᠂ ᠲᠣᠭᠠᠴᠠᠭ᠎ᠠ ᠬᠢᠭᠰᠡᠨ ᠸᠢᠴᠠᠲ᠄ ᠵᠠᠯᠠᠭᠤ ᠨᠠᠰᠤᠨ ᠳᠠᠭᠠᠨ ᠭᠡᠮᠰᠢᠯ ᠥᠬᠡᠶ︶︔ 18᠄ 20 ᠴᠠᠭ ᠤᠨ ᠦᠶ᠎ᠡ ᠪᠠᠷ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠬᠠᠯᠠᠭᠤᠨ ᠡᠨᠧᠷᠭᠢ ᠶᠢᠨ ᠺᠣᠮᠫᠠᠨᠢ ᠳᠤ ᠬᠦᠷᠴᠦ ᠨᠡᠭᠦᠷᠡᠰᠦ ᠪᠠᠨ ᠪᠠᠭᠤᠯᠭᠠᠵᠤ ︵ᠨᠡᠬᠦᠷᠡᠰᠦ ᠪᠠᠭᠤᠯᠭᠠᠭᠰᠠᠨ ᠵᠣᠭᠤᠰ ᠢᠶᠠᠨ ᠸᠢᠴᠠᠲ ᠤᠨ ᠨᠡᠷ᠎ᠡ ᠨᠢ ᠯᠢ ᠣᠪᠣᠭᠲᠤ ᠬᠡᠬᠦ ᠬᠦᠮᠦᠨ ᠳᠤ ᠳᠤᠰᠢᠶᠡᠵᠡᠢ︶᠂ ᠳᠠᠷᠠᠭ᠎ᠠ ᠨᠢ ᠬᠡᠷ ᠲᠡᠭᠡᠨ ᠬᠠᠷᠢᠭᠠᠳ ᠭᠠᠳᠠᠭᠰᠢ ᠭᠠᠷᠤᠭᠰᠠᠨ ᠥᠬᠡᠶ᠃ 10 ᠳ᠋ᠤᠭᠠᠷ ᠰᠠᠷ᠎ᠠ ᠶᠢᠨ 14᠎ ᠤ ᠡᠳᠦᠷ ᠤᠨ 7᠄ 41 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠭᠤᠷᠪᠠᠳᠤᠭᠠᠷ ᠬᠦᠬᠦᠷᠬᠡ ᠣᠷᠴᠢᠮ ᠬᠤᠭᠤᠯᠠ ᠢᠳᠡᠬᠡᠳ ︵ᠳᠡᠯᠭᠡᠭᠦᠷ ᠤᠨ ᠨᠡᠷ᠎ᠡ ᠨᠢ ᠲᠣᠳᠣᠷᠬᠠᠶ ᠥᠬᠡᠶ᠂ ᠲᠣᠭᠠᠴᠠᠭ᠎ᠠ ᠬᠢᠭᠰᠡᠨ ᠸᠢᠴᠠᠲ᠄ ᠨᠢ ᠱᠦᠶ ᠴᠢᠩ ᠭᠡᠳᠡᠭ︶᠂ ᠬᠡᠷ ᠲᠡᠭᠡᠨ ᠬᠠᠷᠢᠪᠠ︔ 9᠄ 33 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠯᠤᠤ ᠮᠠ ᠨᠣᠭᠤᠭ᠎ᠠ ᠶᠢᠨ ᠳᠡᠯᠭᠡᠭᠦᠷ ᠲᠤ ᠬᠦᠷᠴᠦ ᠨᠣᠭᠤᠭ᠎ᠠ ᠬᠤᠳᠠᠯᠳᠤᠨ ᠠᠪᠤᠭᠠᠳ ᠬᠡᠷ ᠲᠡᠭᠡᠨ ᠬᠠᠷᠢᠭᠠᠳ ᠭᠠᠳᠠᠭᠰᠢ ᠭᠠᠷᠤᠭᠰᠠᠨ ᠥᠬᠡᠶ᠃ 10 ᠳ᠋ᠤᠭᠠᠷ ᠰᠠᠷ᠎ᠠ ᠶᠢᠨ 15᠎ ᠤ ᠡᠳᠦᠷ ᠤᠨ 7᠄ 21 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠭᠤᠷᠪᠠᠳᠤᠭᠠᠷ ᠬᠦᠬᠦᠷᠬᠡ ᠶᠢᠨ ᠬᠤᠩ ᠮᠧᠶ  ᠪᠤᠤᠰᠠ ᠶᠢᠨ ᠬᠤᠭᠤᠯᠠᠨ ᠬᠡᠷ ᠲᠤ ᠬᠤᠭᠤᠯᠠ ᠢᠳᠡᠵᠡᠢ ︵ᠸᠢᠴᠠᠲ ᠤᠨ ᠨᠡᠷ᠎ᠡ ᠨᠢ ᠢᠦᠶ ᠣᠪᠣᠭᠲᠤ ᠬᠡᠰᠡᠨ ᠬᠦᠮᠦᠨ ᠳᠤ ᠵᠤᠭᠤᠰ ᠢ ᠨᠢ ᠦᠭᠪᠡ︶︔ 7᠄ 30 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠡᠷᠡᠭᠦᠯ ᠮᠡᠨᠳᠦ ᠶᠢᠨ ᠲᠥᠬᠦᠮ  ᠳᠡᠯᠭᠡᠭᠦᠷ ᠠᠴᠠ ᠪᠠᠷᠠᠭ᠎ᠠ ᠬᠤᠳᠠᠯᠳᠤᠨ ᠠᠪᠤᠪᠠ︔ 7᠄ 51 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠲᠥᠪ ᠵᠠᠬ᠎ᠠ ᠳᠡᠯᠭᠡᠭᠦᠷ ᠤᠨ ᠣᠶᠢᠷᠠᠯᠴᠠᠭ᠎ᠠ ᠠᠴᠠ ᠨᠣᠭᠤᠭ᠎ᠠ ᠬᠤᠳᠠᠯᠳᠤᠨ ᠠᠪᠤᠪᠠ ︵ᠲᠣᠭᠠᠴᠠᠭ᠎ᠠ ᠬᠢᠭᠰᠡᠨ ᠸᠢᠴᠠᠲ᠄ ᠯᠢᠦ ᠣᠪᠣᠭᠲᠤ︶︔ 8᠄ 00 ᠴᠠᠭ ᠲᠤ ᠲᠡᠷᠭᠡ ᠵᠢᠯᠣᠭᠤᠳᠤᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠠᠴᠠ ᠭᠠᠷᠴᠤ᠂ 12᠄ 53 ᠴᠠᠭ ᠲᠤ ᠠᠯᠠᠱᠠ ᠵᠡᠭᠦᠨ ᠬᠤᠰᠢᠭᠤᠨ ᠤ ᠥᠯᠵᠡᠶ ᠬᠡᠢ ᠨᠡᠮᠡᠬᠦ ᠥᠷᠲᠡᠭᠡ ᠠᠴᠠ ᠬᠡᠶ ᠨᠡᠮᠡᠪᠡ︔ 13᠄ 10 ᠴᠠᠭ ᠲᠤ ᠠᠯᠠᠱᠠ ᠵᠡᠭᠦᠨ ᠬᠤᠰᠢᠭᠤᠨ ᠤ ᠥᠯᠵᠡᠶ ᠰᠤᠮᠤᠨ ᠤ ᠴᠢ ᠰᠠᠨ ᠬᠠᠶᠢᠷ ᠲᠣᠭᠤᠯᠭᠠᠨ ᠤ ᠬᠤᠭᠤᠯᠠᠨ ᠬᠡᠷ ᠲᠤ ᠬᠤᠭᠤᠯᠠ ᠢᠳᠡᠵᠡᠢ︔ 20᠄ 00 ᠴᠠᠭ ᠤᠨ ᠦᠶ᠎ᠡ ᠪᠠᠷ ᠡᠵᠡᠨ᠎ᠡ ᠬᠤᠰᠢᠭᠤᠨ ᠤ ᠲᠦᠷᠭᠡᠨ ᠤ ᠵᠠᠮ ᠤᠨ ᠭᠠᠷᠤᠴᠠ ᠳᠤ ᠬᠦᠷᠴᠦ᠂ ᠲᠡᠷᠭᠡᠨ ᠳᠣᠲᠣᠷ᠎ᠠ ᠪᠠᠨ ᠬᠤᠨᠤᠵᠡᠢ᠃ 10 ᠳ᠋ᠤᠭᠠᠷ ᠰᠠᠷ᠎ᠠ ᠶᠢᠨ 16᠎ ᠤ ᠡᠳᠦᠷ ᠤᠨ 8᠄ 00 ᠴᠠᠭ ᠲᠤ ᠡᠵᠡᠨ᠎ᠡ ᠬᠤᠰᠢᠭᠤᠨ ᠤ ᠲᠦᠷᠭᠡᠨ ᠤ ᠵᠠᠮ ᠤᠨ ᠭᠠᠷᠤᠴᠠ ᠠᠴᠠ ᠭᠠᠷᠴᠤ᠂ 11᠄ 00 ᠴᠠᠭ ᠲᠤ ᠴᠡᠭᠡ ᠪᠣᠭᠤᠮᠲᠠ ᠶᠢᠨ ᠮᠸᠡᠭ ᠢᠦᠶ ᠨᠡᠭᠦᠷᠡᠰᠦᠨ ᠲᠠᠯᠠᠪᠠᠶ ᠳᠤ ᠬᠦᠷᠴᠦ ᠨᠡᠭᠦᠷᠡᠰᠦ ᠰᠠᠪᠠᠯᠠᠪᠠ︔ 13᠄ 20 ᠴᠠᠭ ᠲᠤ ᠴᠡᠭᠡ ᠪᠣᠭᠤᠮᠲᠠ ᠶᠢᠨ ᠮᠠ ᠬᠤᠢ ᠴᠢᠨ ᠯᠠᠯᠤ ᠶᠢᠨ ᠬᠤᠭᠤᠯᠠᠨ ᠭᠡᠷ ᠲᠤ ᠬᠤᠭᠤᠯᠠ ᠢᠳᠡᠵᠦ᠂ ᠳᠠᠷᠠᠭᠠᠴᠢ ᠪᠠᠷ ᠳᠠᠬᠢᠨ ᠵᠠᠮ ᠬᠦᠬᠡᠬᠡᠪᠡ︔ 18᠄ 23᠎ ᠲᠤ ᠡᠵᠡᠨ᠎ᠡ ᠬᠤᠰᠢᠭᠤᠨ ᠳᠠᠯᠠᠶᠢᠬᠦ᠋ᠪ ᠪᠠᠯᠭᠠᠰᠤᠨ ᠤ ᠬᠤᠸᠠᠨ ᠳ᠋ᠠ ᠰᠢᠨ᠎ᠡ ᠡᠨᠧᠷᠭᠢ ᠶᠢᠨ ᠬᠡᠢ ᠨᠡᠮᠡᠬᠦ ᠥᠷᠲᠡᠭᠡ ᠳᠤ ᠬᠡᠢ ᠨᠡᠮᠡᠵᠡᠢ︔ 20᠄ 30᠎ ᠲᠤ ᠡᠵᠡᠨ᠎ᠡ ᠬᠤᠰᠢᠭᠤᠨ ᠤ ᠲᠦᠷᠭᠡᠨ ᠤ ᠵᠠᠮ ᠳᠠᠬᠢ ᠬᠠᠨ ᠶᠦᠩ ᠬᠤᠭᠤᠯᠠᠨ ᠬᠡᠷ ᠲᠤ ᠬᠤᠭᠤᠯᠠ ᠢᠳᠡᠪᠡ ︵ᠲᠣᠭᠠᠴᠠᠭ᠎ᠠ ᠬᠢᠭᠰᠡᠨ ᠸᠢᠴᠠᠲ᠄ ᠯᠢᠦ ᠣᠪᠣᠭᠲᠤ︶︔ 22᠄ 30᠎ ᠲᠤ ᠡᠵᠡᠨ᠎ᠡ ᠬᠤᠰᠢᠭᠤᠨ ᠤ ᠶᠠᠭᠠᠨ ᠦᠢᠯᠡᠴᠢᠯᠡᠭᠡᠨ ᠤ ᠲᠣᠭᠤᠷᠢᠭ ᠲᠤ ᠬᠦᠷᠴᠦ᠂ ᠲᠡᠷᠭᠡᠨ ᠳᠡᠭᠡᠨ ᠬᠤᠨᠤᠪᠠ᠃ 10 ᠳ᠋ᠤᠭᠠᠷ ᠰᠠᠷ᠎ᠠ ᠶᠢᠨ 17᠎ ᠤ ᠡᠳᠦᠷ ᠤᠨ 6᠄ 30 ᠴᠠᠭ ᠤᠨ ᠦᠶ᠎ᠡ ᠪᠠᠷ ᠡᠵᠡᠨ᠎ᠡ ᠬᠤᠰᠢᠭᠤᠨ ᠤ ᠶᠠᠭᠠᠨ ᠦᠢᠯᠡᠴᠢᠯᠡᠬᠡᠨ ᠤ ᠲᠣᠭᠤᠷᠢᠭ ᠠᠴᠠ ᠭᠠᠷᠴᠤ᠂ 22᠄ 26 ᠴᠠᠭ ᠤᠨ ᠦᠶ᠎ᠡ ᠪᠠᠷ ᠠᠯᠠᠱᠠ ᠵᠡᠭᠦᠨ ᠬᠤᠰᠢᠭᠤᠨ ᠤ ᠥᠯᠵᠡᠶ ᠰᠤᠮᠤᠨ ᠤ ᠰᠤᠬᠤᠩᠲᠤ ᠳᠠᠬᠢ ᠦ᠋ ᠵᠧᠨ ᠶᠠᠨ ᠬᠤᠭᠤᠯᠠᠨ ᠬᠡᠷ ᠲᠤ ᠬᠤᠭᠤᠯᠠ ᠢᠳᠡᠬᠡᠳ ︵ᠲᠣᠭᠠᠴᠠᠭ᠎ᠠ ᠬᠢᠭᠰᠡᠨ ᠸᠢᠴᠠᠲ᠄ ᠦ᠋ ᠣᠪᠣᠭᠲᠤ ᠳᠤ ᠵᠣᠭᠤᠰ ᠳᠦᠯᠦᠪᠠ︶᠂ ᠦᠷᠬᠦᠯᠵᠢᠯᠡᠨ ᠵᠠᠮᠨᠠᠪᠠ᠃ 10 ᠳ᠋ᠤᠭᠠᠷ ᠰᠠᠷ᠎ᠠ ᠶᠢᠨ 18᠎ ᠤ ᠡᠳᠦᠷ ᠤᠨ 00᠄ 16 ᠴᠠᠭ ᠲᠤ ᠠᠯᠠᠱᠠ ᠵᠡᠭᠦᠨ ᠬᠤᠰᠢᠭᠤᠨ ᠤ ᠦᠯᠵᠡᠢ ᠶᠢᠨ ᠬᠡᠢ ᠨᠡᠮᠡᠬᠦ ᠥᠷᠲᠡᠭᠡᠨ ᠳᠤ ᠬᠡᠶ ᠨᠡᠮᠡᠵᠦ᠂ ᠲᠡᠷᠭᠡᠨ ᠳᠡᠭᠡᠨ ᠬᠤᠨᠤᠪᠠ︔ 8᠄ 00 ᠴᠠᠭ ᠲᠤ ᠠᠯᠠᠱᠠ ᠵᠡᠭᠦᠨ ᠬᠤᠰᠢᠭᠤᠨ ᠤ ᠥᠯᠵᠡᠶ ᠰᠤᠮᠤ ᠠᠴᠠ ᠭᠠᠷᠴᠤ᠂ 8᠄ 30 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠠᠨᠢᠷᠤᠭᠤᠨ ᠰᠤᠮᠤᠨ ᠤ ᠰᠢᠨ ᠴᠦᠨ ᠭᠤᠯᠢᠷ ᠤᠨ ᠬᠤᠭᠤᠯᠠᠨ ᠬᠡᠷ ᠲᠤ ᠬᠤᠭᠤᠯᠠ ᠢᠳᠡᠬᠡᠳ ᠦᠷᠬᠦᠯᠵᠢᠯᠡᠨ ᠵᠠᠮᠨᠠᠪᠠ︔ 15᠄ 00 ᠴᠠᠭ ᠤᠨ ᠦᠶ᠎ᠡ ᠪᠠᠷ ᠦᠬᠠᠶ ᠬᠤᠲᠠ ᠶᠢᠨ ᠰᠢ ᠯᠠᠶ ᠹᠸᠡᠭ ᠠᠵᠤ ᠦᠢᠯᠡᠳᠪᠦᠷᠢ ᠶᠢᠨ ᠳᠤᠭᠤᠷᠢᠭ ᠲᠤ ᠨᠡᠭᠦᠷᠡᠰᠦ ᠪᠠᠨ ᠪᠠᠭᠤᠯᠭᠠᠵᠤ᠂ ᠳᠠᠬᠢᠨ ᠦᠬᠠᠶ ᠬᠤᠲᠠ ᠶᠢᠨ ᠶᠦᠩ ᠴᠤᠸᠠᠩ ᠨᠡᠭᠦᠷᠡᠰᠦ ᠤᠬᠢᠶᠠᠬᠤ ᠦᠢᠯᠠᠳᠪᠦᠷᠢ ᠳᠤ ᠬᠦᠷᠴᠦ ᠨᠡᠭᠦᠷᠡᠰᠦ ᠰᠠᠪᠠᠯᠠᠪᠠ︔ 19᠄ 20 ᠣᠷᠴᠢᠮ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠤᠭᠤᠯᠠᠨ ᠭᠡᠷ ᠲᠤ ᠬᠤᠭᠤᠯᠠ ᠢᠳᠡᠵᠡᠢ ︵ᠳᠡᠯᠭᠡᠭᠦᠷ ᠤᠨ ᠨᠡᠷ᠎ᠡ ᠲᠣᠳᠣᠷᠬᠠᠶ ᠥᠬᠡᠶ᠂ ᠲᠣᠭᠠᠴᠠᠭ᠎ᠠ ᠬᠢᠭᠰᠡᠨ ᠸᠢᠴᠠᠲ᠄ ᠰᠢᠶᠤᠤ ᠪᠢᠶᠡᠨ︶︔ 22᠄ 07᠎ ᠳᠤ ᠦᠬᠠᠶ ᠬᠤᠲᠠ ᠶᠢᠨ ᠦ᠋ ᠹᠦ᠋ ᠬᠡᠢ ᠨᠡᠮᠡᠬᠦ ᠥᠷᠲᠡᠭᠡᠨ ᠠᠴᠠ ᠬᠡᠢ ᠨᠡᠮᠡᠵᠡᠢ᠃ 10 ᠳ᠋ᠤᠭᠠᠷ ᠰᠠᠷ᠎ᠠ ᠶᠢᠨ 19᠎ ᠤ ᠡᠳᠦᠷ ᠤᠨ 00᠄ 30 ᠴᠠᠭ ᠲᠤ ᠠᠯᠠᠱᠠ ᠵᠡᠭᠦᠨ ᠬᠤᠰᠢᠭᠤᠨ ᠤ ᠬᠠᠯᠠᠭᠤᠨ ᠡᠨᠧᠷᠭᠢ ᠶᠢᠨ ᠺᠣᠮᠫᠠᠨᠢ ᠳᠤ ᠬᠦᠷᠴᠦ᠂ ᠲᠡᠷᠭᠡᠨ ᠳᠡᠭᠡᠨ ᠬᠤᠨᠣᠭᠯᠠᠪᠠ︔ 8᠄ 00 ᠴᠠᠭ ᠲᠤ ᠠᠯᠠᠱᠠ ᠵᠡᠭᠦᠨ ᠬᠤᠰᠢᠭᠤᠨ ᠤ ᠬᠠᠯᠠᠭᠤᠨ ᠡᠨᠧᠷᠭᠢ ᠶᠢᠨ ᠺᠣᠮᠫᠠᠨᠢ ᠳᠤ ᠨᠡᠭᠦᠷᠡᠰᠦ ᠪᠠᠨ ᠪᠠᠭᠤᠯᠭᠠᠵᠡᠢ ︵ᠲᠣᠭᠠᠴᠠᠭ᠎ᠠ ᠬᠢᠭᠰᠡᠨ ᠸᠢᠴᠠᠲ᠄ ᠯᠢ ᠣᠪᠣᠭᠲᠤ︶︔ 10᠄ 27 ᠴᠠᠭ ᠲᠤ ᠲᠦᠷᠢᠶᠡᠰᠦᠨ ᠮᠠᠰᠢᠨ ᠲᠡᠷᠭᠡᠨ ᠳᠤ ᠰᠠᠭᠤᠵᠤ ᠠᠯᠠᠱᠠ ᠵᠡᠭᠦᠨ ᠬᠤᠰᠢᠭᠤᠨ ᠤ ᠬᠡᠷ ᠲᠡᠭᠡᠨ ᠬᠠᠷᠢᠵᠤ ᠠᠮᠠᠷᠠᠪᠠ ︵ᠲᠡᠷᠭᠡᠨ ᠨᠣᠮᠧᠷ᠄ ᠮᠸᠡᠭ MY 07776᠂ ᠲᠣᠭᠠᠴᠠᠭ᠎ᠠ ᠬᠢᠭᠰᠡᠨ ᠸᠢᠴᠠᠲ᠄ ᠰᠢ ᠶᠠᠩ ᠬᠤᠨᠭ᠌︶︔ 16᠄ 45 ᠴᠠᠭ ᠲᠤ ᠶᠠᠪᠠᠭᠠᠨ ᠢᠶᠠᠷ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠭᠤᠷᠪᠠᠳᠤᠭᠠᠷ ᠬᠥᠭᠦᠷᠭᠡ ᠶᠢᠨ ᠵᠡᠭᠦᠨ ᠲᠠᠯ᠎ᠠ ᠶᠢᠨ ᠸᠧᠶ ᠺᠠᠩ ᠡᠮ ᠤᠨ ᠳᠡᠯᠭᠡᠭᠦᠷ ᠲᠤ ᠬᠦᠷᠴᠦ ᠡᠮ ᠬᠤᠳᠠᠯᠳᠤᠨ ᠠᠪᠤᠪᠠ︔ 17᠄ 00 ᠴᠠᠭ ᠲᠤ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠢᠶᠠᠨ ᠺᠠᠩ ᠬᠤᠸᠠ ᠶᠤᠸᠠᠨ ᠬᠤᠷᠢᠶᠠᠯᠠᠯ ᠳᠤ ᠬᠦᠷᠴᠦ ᠮᠡᠳᠡᠭᠦᠯᠦᠨ ᠳᠠᠩᠰᠠᠯᠠᠭᠤᠯᠪᠠ︔ 18᠄ 52 ᠴᠠᠭ ᠲᠤ ᠠᠯᠠᠱᠠ ᠵᠡᠭᠦᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠳᠤ ᠪᠥᠭᠡᠮ ᠬᠦᠴᠢᠯ ᠤᠨ ᠰᠢᠨᠵᠢᠯᠡᠭᠡ ᠬᠢᠯᠬᠡᠬᠡᠳ ︵ᠪᠥᠬᠦ ᠶᠠᠪᠤᠴᠠ ᠳᠤ ᠠᠮᠠᠪᠴᠢ ᠵᠡᠬᠦᠵᠡᠢ︶ ᠬᠡᠷ ᠲᠡᠭᠡᠨ ᠬᠠᠷᠢᠵᠦ ᠭᠠᠳᠠᠭᠰᠢ ᠭᠠᠷᠤᠭᠰᠠᠨ ᠥᠬᠡᠶ᠃ 10 ᠳ᠋ᠤᠭᠠᠷ ᠰᠠᠷ᠎ᠠ ᠶᠢᠨ 20᠎ ᠤ ᠡᠳᠦᠷ ᠤᠨ 4᠄ 32 ᠴᠠᠭ ᠲᠤ ᠠᠯᠠᠱᠠ ᠵᠡᠭᠦᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ ᠲᠣᠬᠢᠷᠠᠭᠤᠯᠵᠤ ᠲᠡᠭᠦᠨ ᠢ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠲᠥᠪᠯᠡᠷᠡᠭᠦᠯᠦᠨ ᠲᠤᠰᠠᠭᠠᠷᠯᠠᠬᠤ ᠴᠡᠭ ᠲᠤ ᠰᠢᠯᠵᠢᠭᠦᠯᠪᠡ︔ 15᠄ 30 ᠴᠠᠭ ᠲᠤ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠶᠢᠨ ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ ᠲᠣᠬᠢᠷᠠᠭᠤᠯᠵᠤ ᠲᠡᠭᠦᠨ ᠢ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠡᠮᠨᠡᠨ ᠵᠠᠰᠠᠭᠤᠯᠪᠠ᠃ ᠣᠳᠣᠬᠠᠨ ᠳᠤ᠂ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠵᠤ᠂ ᠤᠯᠤᠰ ᠤᠨ ᠳᠣᠲᠣᠭᠠᠳᠤ ᠶᠢᠨ ᠣᠯᠠᠨ ᠮᠤᠵᠢ ᠣᠷᠣᠨ ᠳᠤ ᠲᠤᠬᠠᠶ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ ᠭᠠᠷᠴᠠᠶ᠃ ᠬᠢᠵᠢᠭ ᠤᠨ ᠬᠠᠯᠳᠠᠪᠤᠷᠢ ᠠᠴᠠ ᠪᠦᠲᠦᠮᠵᠢᠲᠡᠢ ᠰᠡᠷᠭᠡᠶᠢᠯᠡᠨ ᠬᠢᠵᠠᠭᠠᠷᠯᠠᠬᠤ ᠶᠢᠨ ᠲᠥᠯᠥᠭᠡ᠂ ᠠᠳᠡ ᠰᠠᠭᠤᠭᠠᠯᠢ ᠠᠷᠠᠳ ᠲᠤ ᠰᠠᠨᠠᠭᠤᠯᠬᠤ ᠨᠢ᠄ ᠨᠢᠭᠡ ᠳᠤ᠂ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ ᠲᠣᠰ ᠬᠥᠮᠥᠨ ᠤ ᠶᠠᠪᠤᠵᠤ ᠰᠠᠭᠤᠭᠰᠠᠨ ᠵᠠᠮ ᠮᠥᠷ ᠲᠠᠢ ᠬᠠᠪᠢᠳᠠᠭᠰᠠᠨ ᠬᠥᠮᠦᠰ ᠪᠠᠶᠢᠪᠠᠯ᠂ ᠲᠡᠷᠡ ᠳᠠᠷᠤᠶ ᠳᠤᠨᠢ ᠪᠠᠶᠢᠭ᠎ᠠ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠨᠢᠬᠡᠴᠢ ᠳᠡᠭᠡᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠰᠠᠭᠤᠭᠠᠯᠢ ᠠᠷᠠᠳ ᠨᠠᠷ ᠬᠠᠮᠵᠢᠯᠴᠠᠨ᠂ ᠬᠢᠵᠢᠭ ᠡᠪᠡᠳᠴᠢᠨ ᠤ ᠰᠢᠨᠵᠢᠯᠡᠭᠡ ᠶᠢ ᠰᠠᠶᠢᠲᠤᠷ ᠬᠢᠭᠡᠷᠡᠶ᠃ ᠬᠤᠶᠠᠷ ᠲᠤ᠂ ᠡᠷᠡᠭᠦᠯ ᠮᠡᠨᠳᠦ ᠶᠢᠨ ᠠᠵᠢᠭᠯᠠᠯᠲᠠ ᠬᠢᠬᠡᠷᠡᠢ᠃ ᠰᠠᠭᠤᠭᠠᠯᠢ ᠠᠷᠠᠳ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ ᠴᠠᠭ ᠲᠤᠬᠠᠶ ᠳᠤᠨᠢ ᠠᠮᠠᠪᠴᠢ ᠵᠡᠭᠦᠵᠦ ᠬᠠᠯᠠᠭᠤᠷᠠᠯ ᠤᠨ ᠡᠭᠦᠳᠡᠨ ᠡᠮᠨᠡᠯᠭᠡ ᠲᠠᠢ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠦᠭᠡᠷᠡᠶ᠃ ᠭᠤᠷᠪᠠ ᠳᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠡᠷᠡᠢ᠃ ᠴᠤᠭᠯᠠᠷᠠᠬᠤ ᠥᠬᠡᠶ᠂ ᠠᠮᠠᠪᠴᠢ ᠵᠡᠬᠦᠵᠦ᠂ ᠭᠠᠷ ᠢᠶᠠᠨ ᠦᠷᠭᠦᠯᠵᠢ ᠤᠬᠢᠶᠠᠵᠦ᠂ ᠰᠠᠯᠬᠢ ᠢᠯᠡᠭᠦᠬᠡᠨ ᠨᠡᠪᠲᠡᠷᠡᠭᠦᠯᠬᠦ ᠶᠢ ᠪᠡᠶᠡᠯᠡᠭᠦᠯᠵᠦ᠂ ᠬᠥᠮᠥᠰ ᠤᠨ ᠬᠤᠭᠤᠷᠣᠨᠳᠤᠬᠢ ᠠᠮᠤᠷ ᠲᠥᠪᠰᠢᠨ ᠤ ᠵᠠᠶ ᠶᠢ ᠪᠠᠲᠤᠯᠠᠵᠤ᠂ ᠸᠠᠺᠼᠢᠨ ᠤ ᠳᠠᠷᠢᠯᠭ᠎ᠠ ᠶᠢ ᠡᠷᠲᠡᠬᠡᠨ ᠳᠠᠷᠢᠭᠠᠷᠠᠢ᠃ ᠳᠠᠭᠠᠯᠳᠤᠭᠤᠯᠤᠯ᠄ ᠠᠯᠠᠱᠠ ᠠᠶᠢᠮᠠᠭ ᠵᠢᠴᠢ ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠷᠢᠯᠴᠠᠬᠤ ᠤᠲᠠᠰᠤ ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ᠄ 0483 — 8336105 ᠠᠯᠠᠱᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0483 — 8582006 ᠠᠯᠠᠱᠠ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0483 — 2289018 ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ᠄ 0483 — 8222360 ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ᠄ 0483 — 8222678 ᠠᠯᠠᠱᠠ ᠵᠡᠭᠦᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0483 — 822244 ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ         2021 ᠣᠨ ᠤ 10 ᠳ᠋ᠤᠭᠠᠷ ᠰᠠᠷ᠎ᠠ ᠶᠢᠨ 21᠎ ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号