| | 10 ᠳ᠋ᠤᠭᠠᠷ ᠰᠠᠷ᠎ᠠ ᠶᠢᠨ 21 ᠤ ᠡᠳᠦᠷ ᠤᠨ 8 ᠴᠠᠭ ᠠᠴᠠ ᠡᠬᠢᠯᠡᠨ᠂ ᠠᠯᠠᠱᠠ ᠵᠡᠭᠦᠨ ᠬᠤᠰᠢᠭᠤᠨ ᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠪᠠᠶᠠᠨᠬᠤᠲᠠ | ᠪᠠᠯᠭᠠᠰᠤ ᠶᠢᠨ ᠲᠣᠭᠤᠷᠢᠭ ᠤᠨ ᠳᠥᠷᠪᠡᠨ ᠵᠡᠭᠡᠯᠢ ᠭᠤᠳᠤᠮᠵᠢ ᠶᠢᠨ ᠬᠠᠷᠢᠶᠠᠨ ᠳᠠᠬᠢ ᠬᠥᠮᠥᠰ ᠤᠨ ᠡᠬᠢᠨ ᠤ | ᠡᠭᠡᠯᠵᠢ ᠶᠢᠨ ᠪᠥᠭᠡᠮ ᠬᠦᠴᠢᠯ ᠤᠨ ᠰᠢᠨᠵᠢᠯᠡᠭᠡ ᠶᠢ ᠡᠬᠢᠯᠡᠭᠦᠯᠵᠦ᠂ ᠢᠷᠭᠡᠳ ᠤᠨ ᠢᠳᠡᠪᠬᠢᠲᠡᠶ ᠣᠷᠣᠯᠴᠠᠭᠰᠠᠨ ᠢᠶᠠᠷ | ᠂ ᠨᠡᠶᠢᠲᠡ 119796 ᠬᠥᠮᠦᠨ ᠠᠴᠠ ᠰᠢᠨᠵᠢᠯᠡᠭᠡᠨ ᠤ ᠰᠣᠷᠢᠴᠠ ᠠᠪᠴᠤ ᠂ ᠰᠢᠨᠵᠢᠯᠡᠭᠡᠨ ᠳᠤ ᠬᠠᠮᠤᠷᠤᠭᠳᠠᠭᠰᠠᠨ | ᠪᠦᠬᠦ ᠬᠠᠷᠢᠭᠤ ᠨᠢ ᠴᠥᠮ ᠰᠥᠭᠡᠷᠬᠦ ᠭᠠᠷᠤᠭᠰᠠᠨ ᠪᠠᠶᠢᠨ᠎ᠠ᠃ | ᠣᠳᠣᠬᠠᠨ ᠳᠤ ᠬᠢᠵᠢᠭ ᠤᠨ ᠬᠠᠯᠳᠠᠪᠤᠷᠢ ᠶᠢᠨ ᠨᠥᠬᠦᠴᠡᠯ ᠪᠠᠶᠢᠳᠠᠯ ᠮᠥᠨ ᠬᠦ ᠬᠦᠨᠳᠦ ᠨᠣᠴᠢᠲᠠᠢ ᠪᠥᠭᠡᠳ | ᠡᠭᠡᠳᠡᠷᠡᠭᠡᠨ ᠪᠤᠳᠤᠯᠢᠶᠠᠨᠲᠠᠶ ᠪᠠᠶᠢᠭ᠎ᠠ ᠪᠣᠯᠬᠤᠷ ᠵᠠᠪᠠᠯ ᠠᠩᠬᠠᠷᠤᠯ ᠳᠠᠭᠠᠨ ᠠᠪᠬᠤ ᠬᠡᠷᠡᠭᠲᠡᠢ᠃ ᠢᠷᠭᠡᠳ ᠤᠳ | ᠦᠷᠭᠦᠯᠵᠢᠯᠡᠨ ᠢᠳᠡᠪᠬᠢᠲᠡᠢ ᠬᠠᠮᠵᠢᠯᠴᠠᠵᠤ᠂ ᠪᠥᠭᠡᠮ ᠬᠦᠴᠢᠯ ᠤᠨ ᠰᠢᠨᠵᠢᠯᠡᠭᠡᠨ ᠤ ᠰᠣᠷᠢᠴᠠ ᠠᠪᠬᠤ ᠠᠵᠢᠯ ᠢ | ᠦᠷᠭᠦᠯᠵᠢᠯᠡᠨ ᠳᠡᠮᠵᠢᠵᠦ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ | ᠵᠢᠷᠤᠮᠯᠠᠨ᠂ ᠬᠤᠪᠢ ᠶᠢᠨ ᠬᠠᠮᠠᠭᠠᠯᠠᠯᠲᠠ ᠪᠠᠨ ᠴᠢᠩᠭᠠᠳᠬᠠᠵᠤ᠂ ᠪᠡᠶ᠎ᠡ ᠶᠢᠨ ᠡᠷᠡᠭᠦᠯ ᠮᠡᠨᠳᠦ ᠪᠠᠨ ᠠᠩᠬᠠᠷᠴᠤ᠂ ᠵᠥᠪ | ᠰᠠᠶᠢᠬᠠᠨ ᠠᠮᠢᠳᠤᠷᠠᠯ ᠤᠨ ᠬᠡᠪ ᠵᠣᠷᠰᠢᠯ ᠢ ᠪᠣᠢ ᠪᠣᠯᠭᠠᠨ ᠬᠠᠮᠲᠤᠪᠠᠷ ᠢᠶᠠᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠤᠨ ᠢᠯᠠᠯᠲᠠ ᠶᠢ ᠤᠯᠬᠤ ᠶᠢ | ᠤᠷᠢᠶᠠᠯᠠᠵᠤ ᠪᠠᠶᠢᠨ᠎ᠠ᠃ | | | | |