ᠰᠢ ᠶᠢᠨ ᠫᠢᠩ ᠺᠠᠽᠠᠭᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/10/23
ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 2᠎ ᠤᠨ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 2᠎ ᠤᠨ ᠤᠷᠤᠢ ᠺᠠᠽᠠᠭᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠤᠲᠠᠰᠤ ᠪᠠᠷ ᠶᠠᠷᠢᠯᠴᠠᠪᠠ᠃ ᠰᠢ ᠶᠢᠨ ᠫᠢᠩ᠂ ᠳᠤᠮᠳᠠᠳᠤ ᠺᠠᠽᠠᠭᠰᠲ᠋ᠠᠨ ᠪᠣᠯ ᠥᠨᠢᠳᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠥᠨ᠂ ᠳᠤᠮᠳᠠᠳᠤ ᠺᠠᠽᠠᠭᠰᠲ᠋ᠠᠨ ᠤ ᠨᠥᠬᠦᠷᠯᠡᠯ ᠭᠦᠨ ᠵᠤᠵᠠᠭᠠᠨ ᠰᠠᠭᠤᠷᠢ ᠪᠠ ᠬᠦᠴᠦᠷᠬᠡᠭ ᠶᠡᠭᠡ ᠬᠥᠳᠡᠯᠭᠡᠬᠦ ᠬᠦᠴᠦᠨ ᠲᠠᠢ ᠶᠤᠮ᠃ ᠡᠨᠡ ᠵᠢᠯ ᠪᠣᠯ ᠳᠤᠮᠳᠠᠳᠤ ᠺᠠᠽᠠᠭᠰᠲ᠋ᠠᠨ ᠬᠤᠶᠠᠷ ᠤᠯᠤᠰ ᠲᠤ ᠴᠥᠮ ᠣᠨᠴᠠᠭᠠᠢ ᠤᠳᠬ᠎ᠠ ᠠᠭᠤᠯᠭ᠎ᠠ ᠲᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠳᠠᠯ ᠦᠭᠡᠢ ᠵᠠᠭᠤᠨ ᠵᠢᠯ ᠤᠨ ᠤᠢ ᠪᠠᠨ ᠤᠭᠲᠤᠵᠤ᠂ ᠺᠠᠽᠠᠭᠰᠲ᠋ᠠᠨ ᠲᠤᠰᠠᠭᠠᠷ ᠲᠣᠭᠲᠠᠨᠢᠭᠰᠠᠨ 30 ᠵᠢᠯ ᠤᠨ ᠤᠢ ᠪᠠᠨ ᠤᠭᠲᠤᠬᠤ ᠪᠣᠯᠤᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠺᠠᠽᠠᠭᠰᠲ᠋ᠠᠨ ᠤ ᠲᠠᠯ᠎ᠠ ᠲᠠᠢ ᠭᠠᠷ ᠬᠤᠯᠪᠣᠨ ᠮᠥᠷᠥ ᠵᠡᠷᠭᠡᠴᠡᠨ ᠤᠷᠤᠭᠰᠢᠯᠠᠵᠤ᠂ ᠬᠤᠶᠠᠷ ᠤᠯᠤᠰ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ᠂ ᠬᠤᠶᠠᠷ ᠤᠯᠤᠰ ᠤᠨ ᠬᠠᠷᠢᠯᠴᠠᠭ᠎ᠠ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠠᠬᠢᠭᠤᠯᠵᠤ᠂ ᠳᠤᠮᠳᠠᠳᠤ ᠺᠠᠽᠠᠭᠰᠲ᠋ᠠᠨ ᠤ ᠬᠠᠷᠢᠯᠴᠠᠭ᠎ᠠ ᠶᠢ ᠨᠡᠩ ᠰᠠᠶᠢᠨ ᠪᠣᠯᠭᠠᠵᠤ᠂ ᠬᠤᠶᠠᠷ ᠤᠯᠤᠰ ᠤᠨ ᠠᠷᠠᠳ ᠲᠦᠮᠡᠨ ᠢ ᠨᠡᠩ ᠳᠣᠲᠣᠨᠣ ᠪᠣᠯᠭᠠᠵᠤ᠂ ᠬᠤᠶᠠᠷ ᠤᠯᠤᠰ ᠤᠨ ᠬᠥᠭᠵᠢᠯᠲᠡ ᠶᠢ ᠨᠡᠩ ᠰᠠᠶᠢᠨ ᠰᠠᠶᠢᠬᠠᠨ ᠠᠯᠤᠰ ᠢᠷᠡᠭᠡᠳᠦᠢ ᠲᠠᠢ ᠪᠣᠯᠭᠠᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠳᠤᠮᠳᠠᠳᠤ ᠺᠠᠽᠠᠭᠰᠲ᠋ᠠᠨ ᠤ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠳᠦᠭᠡᠨ ᠪᠠᠶᠢᠭᠤᠯᠬᠤ ᠪᠣᠷᠣ ᠲᠥᠯᠥᠪ ᠤᠨ ᠳᠣᠣᠷᠠᠬᠢ ᠬᠠᠮᠲᠤᠷᠠᠯᠴᠠᠭ᠎ᠠ ᠨᠢ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠪᠤᠶᠠᠨ ᠵᠢᠷᠭᠠᠯ ᠠᠪᠴᠢᠷᠠᠭᠰᠠᠨ ᠪᠥᠭᠡᠳ ᠳᠡᠯᠡᠬᠡᠢ ᠨᠡᠶᠢᠭᠡᠮ ᠳᠤ ᠦᠯᠢᠬᠡᠷ ᠳᠠᠭᠤᠷᠢᠶᠠᠯ ᠪᠣᠯᠤᠭᠰᠠᠨ ᠪᠠᠶᠢᠨ᠎ᠠ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾᠎ ᠢ ᠴᠢᠨᠠᠷ ᠰᠠᠶᠢᠲᠠᠢ ᠬᠠᠮᠲᠤ ᠪᠠᠷ ᠪᠦᠳᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠦᠢᠯᠡᠳᠪᠦᠷᠢᠯᠡᠯ ᠤᠨ ᠴᠢᠳᠠᠪᠤᠷᠢ᠂ ᠠᠷᠠᠯᠵᠢᠶ᠎ᠠ᠂ ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠶᠢᠨ ᠬᠠᠮᠲᠤ ᠪᠣᠬᠢᠷᠲᠤᠯ ᠦᠭᠡᠢ ᠡᠨᠧᠷᠭᠢ᠂ ᠵᠣᠬᠢᠶᠠᠮᠠᠯ ᠤᠶᠤᠨ ᠴᠢᠳᠠᠪᠤᠷᠢ᠂ ᠡᠯᠧᠺᠲᠷᠣᠨ ᠬᠤᠳᠠᠯᠳᠤᠭ᠎ᠠ᠂ ᠲᠣᠭᠠᠴᠢᠯᠠᠭᠰᠠᠨ ᠮᠥᠩᠭᠦᠨ ᠭᠦᠢᠯᠭᠡᠭᠡ ᠵᠡᠷᠭᠡ ᠬᠦᠷᠢᠶᠡᠨ ᠳᠤ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠤᠶᠢᠵᠢᠭᠤᠯᠵᠤ᠂ ︽ᠪᠣᠬᠢᠷᠲᠤᠯ ᠦᠭᠡᠢ ᠲᠣᠷᠭᠠᠨ ᠵᠠᠮ︾᠂ ︽ᠡᠷᠡᠭᠦᠯ ᠡᠩᠬᠡ ᠲᠣᠷᠭᠠᠨ ᠵᠠᠮ︾᠂ ︽ᠲᠣᠭᠠᠴᠢᠯᠠᠭᠰᠠᠨ ᠲᠣᠷᠭᠠᠨ ᠵᠠᠮ︾᠎ ᠢ ᠬᠠᠮᠲᠤ ᠪᠠᠷ ᠴᠣᠭᠴᠠᠯᠠᠶ᠎ᠠ᠃ ᠳᠤᠮᠳᠠᠳᠤ ᠤᠯᠤᠰ ᠳᠤᠷᠠᠲᠠᠶ᠎ᠠ ᠺᠠᠽᠠᠭᠰᠲ᠋ᠠᠨ ᠯᠤᠭ᠎ᠠ ᠠᠯᠤᠰ ᠡᠵᠡᠮᠰᠢᠯᠳᠤ ᠡᠮᠴᠢᠯᠡᠭᠡ᠂ ᠤᠯᠠᠮᠵᠢᠯᠠᠯᠲᠤ ᠠᠨᠠᠭᠠᠬᠤ ᠤᠬᠠᠭᠠᠨ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠺᠠᠽᠠᠭᠰᠲ᠋ᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠦᠷᠭᠦᠯᠵᠢᠯᠡᠨ ᠬᠠᠪᠰᠤᠷᠤᠯᠭ᠎ᠠ ᠪᠠ ᠳᠡᠮᠵᠢᠯᠭᠡ ᠬᠠᠩᠭᠠᠨ᠎ᠠ᠃ ᠬᠤᠶᠠᠷ ᠲᠠᠯ᠎ᠠ ᠪᠠᠷ ᠢᠶᠠᠨ ᠪᠠᠰᠠ ᠬᠠᠤᠯᠢ ᠬᠡᠷᠡᠭᠵᠢᠭᠦᠯᠬᠦ᠂ ᠠᠮᠤᠷ ᠲᠦᠪᠰᠢᠨ᠂ ᠰᠡᠷᠭᠡᠶᠢᠯᠡᠯᠳᠠ ᠶᠢᠨ ᠶᠠᠪᠤᠳᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠤᠰ ᠭᠠᠵᠠᠷ ᠣᠷᠣᠨ ᠤ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠬᠠᠮᠠᠭᠠᠯᠠᠶ᠎ᠠ ᠭᠡᠵᠦ ᠴᠢᠬᠤᠯᠠᠴᠢᠯᠠᠪᠠ᠃ ᠲᠦᠸᠧᠺᠠᠶᠧᠹ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠬᠥᠭᠵᠢᠯᠲᠡ ᠲᠡᠦᠬᠡᠲᠦ ᠴᠢᠨᠠᠷᠲᠠᠢ ᠠᠮᠵᠢᠯᠲᠠ ᠣᠯᠵᠤ᠂ ᠳᠤᠮᠳᠠᠳᠤ ᠤᠯᠤᠰ ᠤᠨ ᠠᠷᠠᠳ ᠲᠦᠮᠡᠨ ᠡᠷᠡᠰ ᠪᠠᠲᠤ ᠠᠯᠬᠤᠭ᠎ᠠ ᠪᠠᠷ ︽ᠬᠤᠣᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠶᠠᠨ ᠵᠠᠮ ᠳᠠᠭᠠᠨ ᠤᠷᠤᠭᠰᠢᠯᠠᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠳᠤᠷᠠᠳᠤᠭᠰᠠᠨ ᠠᠯᠢ ᠤᠯᠠᠨ ᠴᠢᠬᠤᠯᠠ ᠶᠡᠭᠡ ᠰᠠᠨᠠᠭᠠᠴᠢᠯᠠᠭ᠎ᠠ ᠵᠤᠷᠢᠯᠳᠠ ᠨᠢ ᠳᠡᠯᠡᠬᠡᠢ ᠨᠡᠶᠢᠭᠡᠮ ᠤᠨ ᠮᠠᠭᠲᠠᠭᠠᠯ ᠪᠠ ᠳᠡᠮᠵᠢᠯᠭᠡ ᠶᠢ ᠣᠯᠪᠠ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠳᠤᠮᠳᠠᠳᠤ ᠶᠢᠨ ᠲᠠᠯ᠎ᠠ ᠶᠢᠨ ᠰᠠᠨᠠᠭᠠᠴᠢᠯᠠᠬᠰᠠᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢᠨ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ ᠢ ᠤᠯᠠᠮ ᠴᠢᠨᠠᠭᠰᠢᠳᠠ ᠭᠡᠷᠡᠴᠢᠯᠡᠭᠰᠡᠨ ᠪᠥᠭᠡᠳ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠳᠤ ᠪᠠᠶᠠᠯᠢᠭ ᠴᠠᠭ ᠦᠶ᠎ᠡ ᠶᠢᠨ ᠠᠭᠤᠯᠤᠭᠳᠠᠬᠤᠨ ᠲᠠᠢ ᠪᠤᠯᠭᠠᠪᠠ᠃ ᠺᠠᠽᠠᠭᠰᠲ᠋ᠠᠨ ᠳᠤᠮᠳᠠᠳᠤ ᠪᠣᠯ ᠨᠡᠷ᠎ᠡ ᠨᠢᠳᠡᠷ ᠲᠡᠭᠡᠨ ᠨᠡᠶᠢᠴᠡᠭᠰᠡᠨ ᠦᠨᠢᠳᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠥᠨ᠂ ᠶᠠᠮᠠᠷᠪᠠ ᠪᠠᠶᠢᠳᠠᠯ ᠳᠣᠣᠷ᠎ᠠ ᠴᠤ ᠭᠡᠰᠡᠨ ᠺᠠᠽᠠᠭᠰᠲ᠋ᠠᠨ ᠤ ᠬᠢᠨ ᠳᠤᠮᠳᠠᠳᠤ ᠤᠯᠤᠰ ᠤᠨ ᠠᠰᠢᠭ ᠲᠤᠰᠠ ᠶᠢ ᠬᠤᠬᠢᠷᠠᠭᠤᠯᠬᠤ ᠶᠠᠪᠤᠳᠠᠯ ᠢ ᠬᠢᠬᠦ ᠦᠭᠡᠢ ᠶᠤᠮ᠃ ᠺᠠᠽᠠᠭᠰᠲ᠋ᠠᠨ ᠤ ᠬᠢᠨ ᠬᠢᠵᠢᠭ ᠲᠠᠢ ᠲᠡᠮᠡᠴᠡᠬᠦ ᠳᠤ ᠸᠠᠺᠼᠢᠨ ᠵᠡᠷᠭᠡ ᠲᠠᠯ᠎ᠠ ᠪᠠᠷ ᠳᠤᠮᠳᠠᠳᠤ ᠤᠯᠤᠰ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠺᠠᠽᠠᠭᠰᠲ᠋ᠠᠨ ᠳᠤᠮᠳᠠᠳᠤ ᠶᠢᠨ ᠬᠠᠷᠢᠯᠴᠠᠭ᠎ᠠ ᠶᠢ ᠲᠠᠰᠤᠷᠠᠯᠳᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠳᠦᠭᠡᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠽᠢᠶ᠎ᠠ ᠲᠢᠪ ᠤᠨ ᠬᠠᠷᠢᠯᠴᠠᠨ ᠬᠠᠮᠵᠢᠯᠴᠠᠬᠤ ᠪᠠ ᠢᠲᠡᠭᠡᠯᠴᠡᠬᠦ ᠠᠷᠭ᠎ᠠ ᠬᠡᠮᠵᠢᠶ᠎ᠡ ᠶᠢᠨ ᠬᠤᠷᠠᠯ ᠵᠡᠷᠭᠡ ᠭᠠᠵᠠᠷ ᠣᠷᠣᠨ ᠪᠣᠯᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠤᠨ ᠳᠣᠣᠷᠠᠬᠢ ᠤᠯᠤᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号