ᠠᠯᠠᠱᠠ ᠵᠡᠭᠦᠨ ᠬᠤᠰᠢᠭᠤᠨ ᠤ ᠡᠯ᠎ᠡ ᠭᠠᠵᠠᠷ ᠤᠨ ᠬᠢᠨ ᠬᠠᠮᠲᠤ ᠪᠠᠷ ᠬᠢᠵᠢᠭ ᠢ ᠡᠰᠡᠷᠬᠦᠴᠡᠬᠦ ᠪᠠᠷ ᠢᠳᠡᠪᠬᠢᠯᠡᠨ ᠠᠵᠢᠯᠯᠠᠵᠣ ᠪᠠᠶᠢᠨ᠎ᠠ
ᠨᠡᠶᠢᠲᠡᠯᠡᠭᠰᠡᠨ ᠴᠠᠭ᠄
2021/10/24
ᠨᠠᠮᠣᠷ ᠤᠨ ᠰᠡᠬᠦᠯᠴᠢ ᠶᠢᠨ ᠠᠯᠠᠱᠠ ᠨᠣᠳᠤᠭ ᠤᠨ ᠠᠭᠤᠷ ᠠᠮᠢᠰᠬᠤᠯ ᠬᠦᠢᠳᠡᠷᠡᠨ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠴᠦ ᠳᠣᠯᠭᠠᠮ᠎ᠠ ᠪᠣᠯᠵᠣ ᠢᠷᠡᠬᠦ ᠳᠤ ᠠᠯᠠᠱᠠ ᠵᠡᠭᠦᠨ ᠬᠤᠰᠢᠭᠤᠨ ᠤ ᠡᠯ᠎ᠡ ᠭᠠᠵᠠᠷ ᠤᠨ ᠬᠢᠨ ᠬᠠᠮᠲᠤ ᠪᠠᠷ ᠬᠢᠵᠢᠭ ᠢ ᠡᠰᠡᠷᠬᠦᠴᠡᠬᠦ ᠠᠵᠢᠯ ᠳᠤ ᠡᠷᠴᠢ ᠬᠦᠴᠣ ᠨᠡᠮᠡᠵᠣ ᠢᠳᠡᠪᠬᠢᠯᠡᠨ ᠠᠵᠢᠯᠯᠠᠭᠰᠠᠭᠠᠷ ᠪᠠᠶᠢᠨ᠎ᠠ᠃ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠡᠬᠢᠯᠡᠬᠦ ᠶᠢ ᠳᠠᠭᠠᠯᠳᠤᠨ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠳᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠴᠠᠭᠳᠠᠭ᠎ᠠ᠂ ᠲᠤᠰᠠᠯᠠᠭᠴᠢ ᠴᠠᠭᠳᠠᠭ᠎ᠠ ᠨᠠᠷ 48 ᠴᠠᠭ ᠢᠶᠠᠷ ᠵᠠᠮ ᠬᠠᠷᠢᠯᠴᠠᠭᠠᠨ ᠤ ᠬᠠᠮᠢᠶᠠᠷᠣᠯᠳᠠ ᠶᠢ ᠪᠠᠳᠣ ᠰᠠᠬᠢᠨ ᠬᠢᠵᠢᠭ ᠤᠨ ᠡᠮᠦᠨ᠎ᠡ ᠹᠷᠣᠨᠲ ᠲᠤ ᠡᠷᠡᠯᠬᠡᠭᠯᠡᠨ ᠠᠵᠢᠯᠯᠠᠭᠰᠠᠨ ᠪᠠᠶᠢᠨ᠎ᠠ᠃ 10 ᠰᠠᠷ᠎ᠠ ᠶᠢᠨ 20᠎ ᠤ ᠡᠳᠦᠷ ᠤᠨ ᠣᠷᠣᠶ ᠶᠢᠨ 22 ᠴᠠᠭ ᠠᠴᠠ ᠡᠬᠢᠯᠡᠨ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠳᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠣᠰᠣᠭᠠᠷ᠂ ᠠᠯᠠᠱᠠ ᠵᠡᠭᠦᠨ ᠬᠤᠰᠢᠭᠤᠨ ᠤ ᠪᠠᠶᠠᠨᠬᠤᠳᠠ ᠪᠠᠯᠭᠠᠰᠤᠨ ᠤ ᠬᠤᠲᠠ ᠲᠣᠭᠤᠷᠢᠭ ᠢᠶᠠᠷ ᠣᠷᠣᠵᠤ ᠭᠠᠷᠬᠤ ᠭᠤᠤᠯ ᠵᠠᠮ ᠵᠢᠴᠢ ᠤᠯᠤᠰ᠂ ᠮᠤᠵᠢ ᠶᠢᠨ ᠵᠠᠮ ᠵᠡᠷᠭᠡ ᠭᠤᠤᠯ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠤᠷᠢᠭ᠎ᠠ ᠴᠡᠭ ᠭᠠᠷᠭᠠᠵᠤ᠂ 48 ᠴᠠᠭ ᠤᠨ ᠬᠤᠭᠤᠴᠠᠭ᠎ᠠ ᠲᠠᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠢ ᠥᠷᠨᠢᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠡᠷᠭᠡᠶᠢᠯᠡᠨ ᠡᠵᠡᠮᠳᠡᠬᠦ ᠪᠣᠭᠤᠮᠲᠠ ᠶᠢ ᠪᠠᠲᠤ ᠰᠠᠬᠢᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠨ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠭᠡᠵᠣ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠰᠢᠭᠤᠷᠬᠠᠶᠢᠯᠠᠨ ᠠᠵᠢᠯᠯᠠᠭᠰᠠᠨ ᠪᠠᠶᠢᠨ᠎ᠠ᠃ ᠣᠶᠢᠷ᠎ᠠ ᠶᠢᠨ ᠡᠳᠣᠷ ᠤᠳ ᠲᠤ᠂ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠳᠣᠪᠴᠢᠶᠠᠨ ᠤ ᠨᠠᠮ ᠤᠨ ᠭᠡᠰᠢᠭᠦᠨ ᠵᠢᠴᠢ ᠺᠠᠳ᠋ᠷ ᠠᠵᠢᠯᠲᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠮᠠᠨᠳᠣᠯ᠎ᠠ ᠨᠡᠶᠢᠭᠡᠮ ᠲᠣᠭᠤᠷᠢᠭ ᠵᠢᠴᠢ ᠦᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠵᠢᠨ᠂ ᠬᠢᠵᠢᠭ ᠎ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢ ᠵᠢᠷᠤᠮ ᠲᠠᠢ ᠥᠷᠨᠢᠭᠦᠯᠪᠡ᠃ ᠠᠶᠢᠮᠠᠭ ᠤᠨ ᠠᠷᠠᠳ ᠤᠨ ᠶᠠᠪᠤᠳᠠᠯ ᠤᠨ ᠳᠣᠪᠴᠢᠶᠠᠨ ᠤ ᠨᠠᠮ ᠤᠨ ᠭᠡᠰᠢᠭᠦᠨ ᠺᠠᠳ᠋ᠷ ᠠᠵᠢᠯᠳᠠᠨ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠡᠭᠦᠷᠭᠡ ᠶᠢ ᠭᠥᠯᠢᠶᠡᠨ ᠠᠪᠴᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠠᠶ ᠳᠤ ᠣᠯᠠᠨ ᠲᠦᠮᠡᠨ ᠳᠤ ᠵᠢᠯᠣᠭᠤᠳᠣᠯᠭ᠎ᠠ ᠬᠠᠩᠭᠠᠬᠤ᠂ ᠲᠤᠬᠠᠶ ᠶᠢᠨ ᠲᠠᠯᠠᠪᠠᠶ ᠶᠢᠨ ᠡᠮᠬᠢ ᠳᠢᠭᠯᠢᠮ ᠢ ᠪᠠᠳᠤᠯᠠᠬᠤ᠂ ᠡᠮᠴᠢ ᠰᠤᠪᠢᠯᠠᠭᠴᠢ ᠶᠢ ᠬᠠᠪᠰᠤᠷᠤᠨ ᠰᠢᠯᠭᠠᠨ ᠪᠠᠶᠢᠴᠠᠭᠠᠬᠤ ᠴᠡᠭ ᠤᠨ ᠦᠢᠯᠡᠴᠢᠯᠡᠭᠡ ᠶᠢ ᠪᠠᠳᠤᠯᠠᠬᠤ ᠵᠡᠷᠭᠡ ᠶᠢ ᠬᠦᠢᠴᠡᠳᠭᠡᠭᠰᠡᠠ ᠪᠠᠶᠢᠨ᠎ᠠ᠃ ᠳᠡᠶᠢᠨᠬᠦ ᠡᠳᠡᠭᠡᠷ ᠬᠦᠮᠣᠰ ᠲᠠᠢ ᠠᠳᠠᠯᠢ ᠪᠠᠷ ᠪᠦᠬᠦ ᠠᠶᠢᠮᠠᠭ ᠤᠨ ᠡᠯ᠎ᠡ ᠭᠠᠵᠠᠷ ᠤᠨ ᠬᠢᠨ ᠤ ᠡᠯ᠎ᠡ ᠪᠠᠶᠢᠭᠤᠯᠭ᠎ᠠ ᠨᠢᠬᠡᠴᠢ ᠶᠢᠨ ᠬᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠪᠦᠬᠦ ᠬᠦᠴᠣ ᠪᠠᠨ ᠡᠷᠬᠦᠵᠣ  ᠶᠠᠭᠠᠷᠠᠯᠳᠠᠢ ᠮᠦᠷᠳᠡᠭᠡᠨ ᠵᠦᠳᠡᠷᠡᠯᠳᠡᠢ ᠠᠵᠢᠯᠯᠠᠵᠣ ᠪᠠᠶᠢᠨ᠎ᠠ᠃ ᠠᠯᠠᠱᠠ ᠵᠡᠭᠦᠨ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ ᠂ ᠪᠦᠬᠦ ᠺᠠᠳ᠋ᠷ ᠠᠵᠢᠯᠳᠠᠨ᠂ ᠰᠠᠶᠢᠨ ᠳᠤᠷᠠᠴᠤᠳ ᠬᠦᠨᠳᠦ ᠬᠡᠴᠡᠭᠦᠦ ᠬᠢᠵᠢᠭ ᠤᠨ ᠪᠠᠶᠢᠳᠠᠯ ᠤᠨ ᠡᠮᠦᠨ᠎ᠡ ᠠᠶᠤᠬᠤ ᠥᠬᠡᠶ᠂ ᠤᠬᠤᠷᠢᠬᠤ ᠥᠬᠡᠶ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠡᠬᠦᠷᠭᠡ ᠪᠠᠨ ᠳᠤᠯᠤᠠ ᠪᠣᠰᠴᠣ᠂ ᠰᠡᠳᠬᠢᠯ ᠨᠢᠭᠡᠳᠦᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠨ ᠨᠡᠮᠡᠷᠢᠯᠡᠵᠦ᠂ ᠪᠦᠬᠦ ᠠᠶᠢᠮᠠᠭ ᠎ ᠤᠨ ᠡᠯ᠎ᠡ ᠭᠠᠵᠠᠷ ᠤᠨ ᠬᠢᠨ ᠬᠠᠮᠲᠤ ᠪᠠᠷ ᠬᠦᠳᠡᠯᠣᠯᠴᠠᠨ ᠢᠳᠡᠪᠬᠢᠳᠠᠢ ᠠᠵᠢᠯᠯᠠᠭᠰᠠᠭᠠᠷ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号