ᠳᠠᠶᠢᠴᠢᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠠᠱᠠ ᠵᠡᠭᠦᠨ ᠬᠤᠰᠢᠭᠤᠨ ᠤ ᠲᠤᠬᠠᠶ ᠶᠢᠨ ᠲᠠᠯᠠᠪᠠᠶ ᠶᠢᠨ ᠰᠢᠢᠳᠪᠤᠷᠢᠯᠡᠬᠦ ᠠᠵᠢᠯ ᠤᠨ ᠲᠤᠰᠬᠠᠶ ᠠᠩᠭᠢ ᠶᠢᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/24
    10 ᠰᠠᠷ᠎ᠠ ᠶᠢᠨ 22᠎ ᠤᠨ ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠠᠱᠠ ᠵᠡᠭᠦᠨ ᠬᠤᠰᠢᠭᠤᠨ ᠤ ᠲᠤᠬᠠᠢ ᠶᠢᠨ ᠲᠠᠯᠠᠪᠠᠢ ᠶᠢᠨ ᠰᠢᠢᠳᠪᠦᠷᠢᠯᠡᠬᠦ ᠠᠵᠢᠯ ᠤᠨ ᠲᠤᠰᠬᠠᠢ ᠠᠩᠬᠢ ᠶᠢᠨ ᠳᠡᠳ᠋ ᠵᠢᠯᠤᠭᠤᠳᠤᠬᠴᠢ ᠲᠠᠶᠢᠴᠢᠨ ᠠᠵᠢᠯ ᠤᠨ ᠲᠤᠰᠬᠠᠢ ᠠᠩᠬᠢ ᠶᠢᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠤᠰᠬᠠᠢ ᠠᠩᠬᠢ ᠶᠢᠨ ᠡᠯ᠎ᠡ ᠠᠵᠢᠯᠯᠠᠬᠤ ᠳᠤᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠪᠣᠯᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠣᠳᠣᠬᠠᠨ ᠤ ᠮᠠᠨ ᠤ ᠠᠶᠢᠮᠠᠭ ᠤᠨ ᠬᠢᠵᠢᠭ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠰᠤᠳᠤᠯᠤᠨ᠂ ᠲᠠᠷᠠᠭᠠᠴᠢ ᠶᠢᠨ ᠠᠯᠬᠤᠮ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠪᠦᠷᠢᠯᠳᠦᠬᠦᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠳᠡᠳ᠋ ᠳᠠᠷᠤᠭ᠎ᠠ ᠵᠧᠤ ᠢᠦᠶ ᠬᠤᠶ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠠᠱᠠ ᠵᠡᠭᠦᠨ ᠬᠤᠰᠢᠭᠤᠨ ᠤ ᠲᠤᠬᠠᠶ ᠶᠢᠨ ᠲᠠᠯᠠᠪᠠᠶ ᠶᠢᠨ ᠰᠢᠢᠳᠪᠤᠷᠢᠯᠡᠬᠦ ᠠᠵᠢᠯ ᠤᠨ ᠲᠤᠰᠬᠠᠶ ᠠᠩᠭᠢ ᠶᠢᠨ ᠳᠡᠳ᠋ ᠵᠢᠯᠣᠭᠤᠳᠣᠭᠴᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠰᠠᠷᠠᠨᠴᠢᠮᠡᠭ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ᠂ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠮᠡᠳᠡᠭᠡ ᠵᠠᠩᠭᠢ ᠶᠢᠨ ᠳᠤᠭᠤᠶᠢᠯᠠᠩ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠳᠤᠭᠤᠶᠢᠯᠠᠩ᠂ ᠲᠠᠬᠤᠯ ᠡᠪᠡᠳᠴᠢᠨ ᠤ ᠪᠠᠶᠢᠴᠠᠭᠠᠯᠲᠠ ᠶᠢᠨ ᠡᠬᠢ ᠡᠭᠦᠰᠦᠯ ᠢ ᠡᠷᠢᠬᠦ ᠳᠤᠭᠤᠶᠢᠯᠠᠩ ᠵᠡᠷᠭᠡ 10 ᠲᠤᠰᠬᠠᠶ ᠠᠩᠭᠢ ᠶᠢᠨ ᠠᠵᠢᠯᠯᠠᠬᠤ ᠳᠤᠭᠤᠶᠢᠯᠠᠩ ᠤᠨ ᠬᠢᠨ ᠲᠣᠰ ᠲᠣᠰ ᠤᠨ ᠠᠵᠢᠯ ᠤᠨ ᠠᠬᠢᠴᠠ ᠶᠢᠨ ᠪᠠᠶᠢᠳᠠᠯ ᠪᠣᠯᠤᠨ ᠬᠠᠮᠢᠶ᠎ᠠ ᠪᠥᠬᠦᠶ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠵᠧᠤ ᠢᠦᠶ ᠬᠤᠶ ᠠᠯᠠᠱᠠ ᠵᠡᠭᠦᠨ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ᠂ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ᠂ ᠲᠠᠬᠤᠯ ᠡᠪᠡᠳᠴᠢᠨ ᠤ ᠪᠠᠶᠢᠴᠠᠭᠠᠯᠲᠠ ᠶᠢᠨ ᠡᠬᠢ ᠡᠭᠦᠰᠦᠯ ᠢ ᠡᠷᠢᠬᠦ᠂ ᠠᠨᠠᠭᠠᠬᠤ ᠤᠬᠠᠭᠠᠨ ᠤ ᠠᠵᠢᠭᠯᠠᠯᠲᠠ᠂ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ᠂ ᠣᠷᠴᠢᠨ ᠲᠣᠭᠤᠷᠢᠨ ᠢ ᠠᠷᠢᠭᠤᠳᠬᠠᠬᠤ᠂ ᠬᠦᠴᠦᠨ ᠢ ᠨᠢᠭᠡᠳᠦᠯᠲᠡᠶ ᠲᠥᠯᠥᠪᠵᠢᠭᠦᠯᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠠᠶ᠃    ᠳᠠᠶᠢᠴᠢᠨ᠂ ᠪᠥᠬᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠶ ᠴᠢᠨᠠᠷ᠂ ᠨᠠᠷᠢᠨ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ ᠢ ᠬᠦᠢᠴᠡᠳ ᠲᠠᠨᠢᠵᠤ᠂ ᠲᠠᠶᠢᠪᠤᠰᠢᠷᠠᠬᠤ ᠦᠵᠡᠯ ᠰᠠᠨᠠᠭ᠎ᠠ᠂ ᠬᠠᠯᠠᠰᠢᠷᠠᠬᠤ ᠰᠡᠳᠬᠢᠯᠭᠡ᠂ ᠭᠤᠷᠢᠳᠠᠬᠤ ᠪᠣᠳᠣᠯ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠨ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠵᠦ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠠᠯᠳᠠᠰᠢ ᠭᠠᠷᠬᠤ ᠶᠢ ᠪᠥᠬᠦ ᠲᠠᠯ᠎ᠠ ᠪᠠᠷ ᠰᠡᠷᠬᠡᠶᠢᠯᠡᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ᠃ ᠬᠢᠵᠢᠭ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠨᠢᠭᠡᠳᠦᠭᠡᠷ ᠡᠭᠡᠯᠵᠢ ᠶᠢᠨ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠶ ᠳ᠋ᠦᠩᠨᠡᠵᠦ᠂ ᠳᠤᠲᠠᠭᠤᠳᠠᠯ ᠢ ᠨᠥᠬᠦᠪᠥᠷᠢᠯᠡᠨ᠂ ︽ᠴᠤᠭᠯᠠᠭᠤᠯᠬᠤ᠂ ᠬᠦᠷᠭᠡᠬᠦ᠂ ᠪᠠᠶᠢᠴᠠᠭᠠᠬᠤ᠂ ᠮᠡᠳᠡᠭᠦᠯᠬᠦ︾ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯᠲᠠᠨ ᠤ ᠬᠦᠴᠦᠨ ᠪᠠ ᠡᠳ᠋ ᠪᠣᠳᠠᠰ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠯᠠᠱᠠ ᠵᠡᠭᠦᠨ ᠬᠤᠰᠢᠭᠤᠨ ᠤ ᠬᠤᠶᠠᠳᠤᠭᠠᠷ ᠤᠳᠠᠭ᠎ᠠ ᠶᠢᠨ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠬᠠᠮᠤᠭ ᠤᠨ ᠲᠦᠷᠭᠡᠨ ᠬᠤᠷᠳᠤᠴᠠ ᠪᠠᠷ ᠪᠡᠶᠡᠯᠡᠭᠦᠯᠬᠦ ᠬᠡᠷᠡᠭᠲᠡᠶ᠃ ᠶᠡᠭᠡ ᠲᠠᠯ᠎ᠠ ᠶᠢᠨ ᠤᠬᠠᠮᠰᠠᠷ ᠪᠣᠯᠤᠨ ᠪᠦᠬᠦ ᠲᠠᠯ᠎ᠠ ᠶᠢᠨ ᠦᠵᠡᠯᠲᠡ ᠪᠠᠨ ᠴᠢᠩᠭᠠᠳᠬᠠᠨ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠳᠣᠲᠣᠭᠠᠳᠤ ᠳᠠᠭᠠᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ ᠪᠠᠷ ᠭᠤᠣᠯᠳᠠᠯᠭ᠎ᠠ ᠪᠣᠯᠭᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠷᠭ᠎ᠠ  ᠬᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠪᠦᠲᠦᠮᠵᠢᠲᠡᠢ ᠬᠠᠮᠢᠶᠠᠷᠤᠨ ᠡᠵᠡᠮᠳᠡᠵᠦ᠂ ᠬᠢᠵᠢᠭ ᠤᠨ ᠲᠠᠷᠬᠠᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号