ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠠᠱᠠ ᠵᠡᠭᠦᠨ ᠬᠤᠰᠢᠭᠤᠨ ᠤ ᠲᠤᠬᠠᠶ ᠶᠢᠨ ᠲᠠᠯᠠᠪᠠᠶ ᠶᠢᠨ  ᠰᠢᠢᠳᠪᠦᠷᠢᠯᠡᠬᠦ ᠠᠵᠢᠯ ᠤᠨ ᠲᠤᠰᠬᠠᠶ  ᠪᠠᠭ ᠤᠨ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/24
          10 ᠰᠠᠷ᠎ᠠ ᠶᠢᠨ 21᠎ ᠤ ᠣᠷᠣᠶ᠂ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠠᠱᠠ ᠵᠡᠭᠦᠨ ᠬᠤᠰᠢᠭᠤᠨ ᠤ ᠲᠤᠬᠠᠶ ᠶᠢᠨ ᠲᠠᠯᠠᠪᠠᠶ ᠶᠢᠨ   ᠰᠢᠢᠳᠪᠦᠷᠢᠯᠡᠬᠦ  ᠠᠵᠢᠯ ᠤᠨ ᠲᠤᠰᠬᠠᠶ  ᠪᠠᠭ ᠤᠨ ᠳᠡᠳ᠋ ᠵᠢᠯᠣᠭᠤᠳᠣᠭᠴᠢ ᠳᠠᠶᠢᠴᠢᠨ ᠠᠵᠢᠯ ᠤᠨ ᠲᠤᠰᠬᠠᠶ ᠠᠩᠭᠢ ᠶᠢᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠰᠬᠠᠶ ᠰᠡᠳᠦᠪ ᠢᠶᠠᠷ ᠲᠣᠬᠢᠷᠠᠭᠤᠯᠤᠨ ᠪᠠᠶᠢᠷᠢᠯᠠᠭᠤᠯᠪᠠ᠃ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠲᠤᠰᠬᠠᠶ ᠮᠡᠷᠭᠡᠵᠢᠯᠲᠡᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠳᠡᠳ᠋ ᠳᠠᠷᠤᠭ᠎ᠠ ᠵᠧᠤ ᠢᠦᠶ ᠬᠤᠶ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠠᠱᠠ ᠵᠡᠭᠦᠨ ᠬᠤᠰᠢᠭᠤᠨ ᠤ ᠲᠤᠬᠠᠶ ᠶᠢᠨ ᠲᠠᠯᠠᠪᠠᠶ ᠶᠢᠨ   ᠰᠢᠢᠳᠪᠦᠷᠢᠯᠡᠬᠦ  ᠠᠵᠢᠯ ᠤᠨ ᠲᠤᠰᠬᠠᠶ  ᠪᠠᠭ ᠤᠨ ᠳᠡᠳ᠋ ᠵᠢᠯᠣᠭᠤᠳᠣᠭᠴᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠰᠠᠷᠠᠨᠴᠢᠮᠡᠭ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠂ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠰᠠᠷᠠᠨᠴᠢᠮᠡᠭ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠤᠭᠰᠠᠨ ᠪᠠᠶᠢᠳᠠᠯ ᠢᠶᠠᠨ ᠲᠠᠨᠢᠯᠴᠠᠭᠤᠯᠵᠤ᠂ ᠵᠧᠤ ᠢᠦᠶ ᠬᠤᠶ ᠠᠯᠠᠱᠠ ᠵᠡᠭᠦᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂  ᠬᠢᠵᠢᠭ ᠡᠪᠡᠳᠴᠢᠨ ᠤ ᠪᠠᠶᠢᠴᠠᠭᠠᠯᠲᠠ᠂ ᠨᠡᠶᠢᠭᠡᠮ ᠤᠨ ᠬᠠᠮᠢᠶᠠᠷᠤᠯᠲᠠ ᠡᠵᠡᠮᠳᠡᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠭᠰᠡᠨ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠡᠷᠬᠢᠨ ᠰᠠᠶᠢᠵᠢᠷᠠᠭᠤᠯᠬᠤ ᠲᠤᠬᠠᠶ ᠪᠣᠳᠠᠲᠠᠶ ᠬᠡᠷᠡᠭᠵᠢᠭᠦᠯᠵᠦ ᠪᠣᠯᠬᠤᠶᠢᠴᠠ ᠵᠢᠯᠣᠭᠤᠳᠬᠤ ᠰᠠᠨᠠᠯ ᠳᠤᠷᠠᠳᠴᠠᠶ᠃    ᠳᠠᠶᠢᠴᠢᠨ᠂ ᠣᠳᠣᠬᠠᠨ ᠳᠤ ᠪᠥᠬᠦ ᠠᠶᠢᠮᠠᠭ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠲᠦᠢᠯ ᠤᠨ ᠬᠦᠨᠳᠦ ᠨᠣᠴᠢᠲᠠᠶ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠣᠳᠣᠬᠠᠨ ᠤ ᠲᠡᠷᠢᠭᠦᠨ ᠴᠢᠬᠤᠯᠠ ᠶᠠᠪᠤᠳᠠᠯ᠂ ᠬᠠᠮᠤᠭ ᠤᠨ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠬᠥᠪᠴᠢ ᠪᠠᠨ ᠴᠢᠩᠭᠠᠯᠠᠵᠤ᠂ ᠬᠠᠮᠤᠭ ᠤᠨ ᠴᠢᠩᠭ᠎ᠠ ᠰᠤᠷᠲᠠᠯ᠂ ᠬᠠᠮᠤᠭ ᠤᠨ ᠨᠠᠷᠢᠨ ᠨᠢᠭᠲᠠ ᠲᠥᠯᠥᠪᠯᠡᠭᠡ᠂ ᠬᠠᠮᠤᠭ ᠤᠨ ᠡᠷᠡᠰ ᠰᠢᠭᠤᠷᠬᠠᠶ ᠠᠷᠭ᠎ᠠ ᠬᠡᠮᠵᠢᠶ᠎ᠡ ᠪᠠᠷ᠂ ᠡᠯ᠎ᠡ  ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠶ ᠨᠠᠶᠢᠳᠠᠪᠤᠷᠢᠵᠢᠭᠤᠯᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠤᠨ ᠦᠷᠪᠢᠰᠦᠨ ᠳᠡᠯᠭᠡᠷᠡᠬᠦ ᠶᠢ ᠬᠤᠷᠢᠭᠯᠠᠬᠤ ᠪᠠᠷ ᠴᠢᠷᠮᠠᠶᠢᠬᠤ ᠬᠡᠷᠡᠭᠲᠡᠶ᠃  ᠳᠠᠶᠢᠴᠢᠨ᠂ ᠡᠯ᠎ᠡ ᠠᠵᠢᠯᠯᠠᠬᠤ ᠳᠤᠭᠤᠶᠢᠯᠠᠩ ᠤᠨ ᠬᠢᠨ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ︽ᠲᠦᠷᠪᠡᠨ ᠡᠷᠲᠡ︾᠎ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠬᠡᠷᠡᠭᠲᠡᠢ᠃  ᠬᠢᠵᠢᠭ ᠡᠪᠡᠳᠴᠢᠨ ᠤ ᠰᠤᠳᠤᠯᠤᠯ ᠤᠨ ᠡᠬᠢ ᠰᠤᠷᠪᠤᠯᠵᠢ ᠶᠢ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂  ᠬᠢᠵᠢᠭ ᠡᠪᠡᠳᠴᠢᠨ ᠤ ᠪᠠᠶᠢᠴᠠᠭᠠᠯᠲᠠ ᠶᠢᠨ ᠠᠬᠢᠴᠠ ᠶᠢ ᠲᠦᠷᠭᠡᠳᠬᠡᠵᠦ᠂ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠪᠥᠭᠡᠮ ᠬᠦᠴᠢᠯ ᠤᠨ ᠥᠯᠢᠭᠡᠷ ᠠᠪᠴᠤ ᠪᠠᠶᠢᠴᠠᠭᠠᠨ ᠬᠡᠮᠵᠢᠬᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ᠂ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠡᠯ᠎ᠡ ᠵᠦᠶ᠋ᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠠᠶᠤᠯ ᠲᠦᠭᠰᠢᠭᠦᠷᠢ ᠎ ᠲᠠᠢ ᠰᠠᠭᠤᠭᠠᠯᠢ ᠠᠷᠠᠳ ᠤᠨ ᠲᠣᠭᠤᠷᠢᠭ ᠤᠨ ᠲᠤᠤᠷᠵᠢᠭᠰᠠᠨ ᠬᠠᠮᠢᠶᠠᠷᠤᠯᠲᠠ ᠡᠵᠡᠮᠳᠡᠯ ᠪᠠ ᠲᠤᠰᠠᠭᠠᠷᠯᠠᠬᠤ ᠴᠡᠭ ᠤᠨ ᠵᠢᠷᠤᠮᠵᠢᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠲᠠᠷᠬᠠᠬᠤ ᠬᠡᠯᠬᠢᠶ᠎ᠡ ᠶᠢ ᠦᠳᠲᠡᠷ ᠲᠦᠷᠭᠡᠨ ᠲᠡᠰᠦᠯᠵᠦ᠂ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠡᠷᠡᠰ ᠬᠠᠮᠠᠭᠠᠯᠠᠬᠤ ᠬᠡᠷᠡᠭᠲᠡᠶ᠃ ᠪᠦᠬᠦ ᠠᠶᠢᠮᠠᠭ ᠎ ᠢᠶᠠᠷ ᠵᠢᠡᠨ‌ᠨᠢᠭᠡ ᠬᠥᠯᠭᠡ ᠰᠢᠳᠠᠷ᠎ᠠ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠳᠡᠭᠡᠳᠦ  ᠬᠡᠮᠵᠢᠶ᠎ᠠ ᠪᠠᠷ ᠬᠠᠷᠢᠭᠤᠴᠠᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂  ᠳᠤᠯᠭᠠᠮ᠎ᠠ ᠰᠡᠳᠬᠢᠯᠭᠡ ᠎ ᠪᠠᠷ ᠠᠵᠢᠯ ᠳᠠᠭᠠᠨ ᠣᠷᠣᠯᠴᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠦᠨᠡᠨ ᠬᠦ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号