ᠠᠯᠠᠱᠠ ᠵᠡᠭᠦᠨ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠤ ᠬᠢᠴᠢᠶᠡᠯᠯᠡᠭᠡ ᠡᠬᠢᠯᠡᠯ᠎ᠠ
ᠨᠡᠶᠢᠲᠡᠯᠡᠭᠰᠡᠨ ᠴᠠᠭ᠄
2021/10/24
 10 ᠰᠠᠷ᠎ᠠ ᠶᠢᠨ 21᠎ ᠤ ᠦᠳᠡ ᠶᠢᠨ ᠡᠮᠦᠨ᠎ᠡ᠂ ᠠᠯᠠᠱᠠ ᠵᠡᠭᠦᠨ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠤ ᠬᠢᠴᠢᠶᠡᠯ ᠪᠦᠬᠦ ᠲᠠᠯ᠎ᠠ ᠪᠠᠷ ᠡᠬᠢᠯᠡᠭᠰᠡᠡ ᠪᠠᠶᠢᠨ᠎ᠠ᠃ ᠣᠶᠢᠯᠠᠭᠠᠭᠰᠠᠨ ᠢᠶᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠤᠰᠠᠳᠡ᠂ ᠠᠯᠠᠱᠠ ᠵᠡᠭᠦᠨ ᠬᠤᠰᠢᠭᠤ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾᠎ ᠤᠨ ᠵᠠᠭᠪᠤᠷ ᠢ ᠬᠡᠷᠡᠭᠯᠡᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠯᠠᠱᠠ ᠠᠶᠢᠮᠠᠭ ᠤᠨ ᠰᠦᠯᠵᠢᠶᠡᠨ ᠤ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠤᠷᠭᠠᠨᠢᠭ ᠤᠶᠠᠯᠳᠤᠭᠤᠯᠵᠦ᠂ ᠰᠦᠯᠵᠢᠶ᠎ᠠ ᠪᠤᠯᠤᠨ ᠡᠯ᠎ᠡ ᠲᠥᠷᠥᠯ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠢ ᠴᠢᠳᠠᠮᠠᠭᠠᠢ ᠠᠰᠢᠭᠯᠠᠨ᠂ ᠰᠤᠷᠤᠭᠴᠢᠳ ᠲᠤ ᠰᠦᠯᠵᠢᠶᠡᠨ ᠤ ᠬᠢᠴᠢᠶᠡᠯᠯᠡᠭᠡ ᠶᠢᠨ ᠦᠢᠯᠠᠴᠢᠯᠡᠭᠡ ᠬᠠᠩᠭᠠᠵᠤ᠂ ᠰᠤᠷᠤᠭᠴᠢᠳ ᠤᠨ ᠰᠤᠷᠤᠯᠭ᠎ᠠ ᠶᠢ ᠪᠠᠳᠦᠯᠠᠬᠤ ᠪᠠᠷ ᠤᠯᠡᠨ ᠵᠦᠢᠯ ᠤᠨ ᠲᠤᠬᠢᠷᠠᠭᠤᠯᠤᠯᠳᠡ ᠬᠢᠭᠰᠡᠡ ᠪᠠᠶᠢᠨ᠎ᠠ᠃ ᠠᠯᠠᠱᠠ ᠵᠡᠭᠦᠨ ᠬᠤᠰᠢᠭᠤᠨ ᠤ ᠡᠯ᠎ᠡ ᠭᠠᠵᠠᠷ ᠤᠷᠤᠨ ᠤ ᠰᠤᠷᠭᠠᠭᠤᠯᠢ ᠨᠤᠭᠤᠳ ︽ᠨᠢᠭᠡ ᠭᠠᠵᠠᠷ ᠣᠷᠣᠨ ᠳᠤ ᠨᠢᠭᠡ ᠠᠷᠭ᠎ᠠ ᠬᠡᠮᠵᠢᠶ᠎ᠠ᠂ ᠨᠢᠭᠡ ᠰᠤᠷᠭᠠᠭᠤᠯᠢ ᠳᠤ ᠨᠢᠭᠡ ᠲᠥᠰᠦᠯ᠂ ᠨᠢᠭᠡ ᠠᠩᠭᠢ ᠳᠤ ᠨᠢᠭᠡ ᠠᠷᠭ᠎ᠠ ᠪᠤᠳᠤᠯᠭ᠎ᠠ︾ ᠬᠡᠷᠡᠭᠵᠢᠭᠦᠯᠬᠦ ᠵᠠᠷᠴᠢᠮ ᠢᠶᠠᠷ ᠲᠣᠬᠠᠢ ᠶᠢᠨ ᠰᠤᠷᠭᠠᠭᠤᠯᠢ ᠳᠤ ᠲᠣᠬᠢᠷᠠᠬᠤ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠪᠴᠠᠩ ᠢ ᠥᠪᠡᠰᠦᠪᠡᠨ ᠰᠣᠩᠭᠤᠵᠤ ᠬᠢᠴᠢᠶᠡᠯᠯᠡᠨ᠎ᠡ᠃ ᠠᠶᠢᠮᠠᠭ ᠬᠤᠰᠢᠭᠤ ᠬᠤᠶᠠᠷ ᠱᠠᠲᠤᠨ ᠤ ᠵᠢᠭᠠᠨ ᠰᠤᠳᠤᠯᠬᠤ ᠲᠥᠪ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠪᠦᠬᠦᠯᠢ ᠴᠣᠭᠴᠠ ᠪᠠᠷ ᠨᠢ ᠠᠬᠢᠭᠤᠯᠤᠨ᠂ ᠬᠢᠴᠢᠶᠡᠯ ᠲᠥᠷᠥᠯ ᠤᠨ ᠵᠢᠭᠠᠨ ᠰᠤᠳᠤᠯᠤᠭᠴᠢ ᠢᠳᠡᠪᠬᠢᠲᠡᠶ ᠪᠠᠷ ᠪᠠᠶᠢᠳᠡᠯ ᠢ ᠲᠠᠭᠠᠨ ᠦᠢᠯᠠᠭᠠᠵᠦ᠂ ᠬᠢᠴᠢᠶᠡᠯ ᠲᠥᠷᠥᠯ ᠬᠤᠪᠢᠶᠠᠡ᠂ ᠬᠢᠴᠢᠶᠡᠯᠯᠡᠬᠦ ᠪᠠᠭᠰᠢ ᠨᠠᠷ ᠰᠦᠯᠵᠢᠶᠡᠨ ᠤ ᠬᠢᠴᠢᠶᠡᠯᠯᠡᠭᠡ ᠪᠠᠨ ᠥᠷᠨᠢᠭᠦᠯᠵᠦ᠂ ᠰᠦᠯᠵᠢᠶᠡᠨ ᠤ ᠬᠢᠴᠢᠶᠡᠯ ᠤᠨ ᠦᠷ᠎ᠡ ᠪᠦᠲᠦᠮᠵᠢ ᠪᠠ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠬᠦᠯᠬᠦ ᠪᠠᠷ ᠴᠢᠷᠮᠠᠶᠢᠵᠤ ᠪᠤᠢ᠃ ᠠᠩᠬ᠎ᠠ ᠳᠤᠮᠳᠠᠳᠤ ᠪᠤᠯᠤᠨ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠲᠡᠭᠦᠰᠬᠦ ᠰᠤᠷᠤᠭᠴᠢᠳ ᠲᠤ ᠰᠤᠷᠭᠠᠭᠤᠯᠢ ᠠᠴᠠ ᠰᠢᠯᠭᠠᠯᠲᠠ ᠬᠢᠬᠦ ᠪᠡᠯᠡᠳᠭᠡᠯ ᠠᠵᠢᠯ ᠢ ᠬᠦᠢᠴᠡᠳ ᠬᠢᠵᠦ᠂ ᠳᠠᠪᠲᠠᠬᠤ ᠲᠥᠯᠥᠪᠯᠡᠭᠡ ᠶᠢ ᠨᠠᠷᠢᠯᠢᠬᠵᠢᠭᠤᠯᠤᠠ᠂ ᠲᠡᠭᠦᠰᠬᠦ ᠣᠨ ᠤ ᠰᠤᠷᠤᠭᠴᠢᠳ ᠲᠤ ᠲᠤᠷᠰᠢᠯᠭ᠎ᠠ ᠲᠠᠢ ᠪᠠᠭᠰᠢ ᠶᠢ ᠲᠣᠬᠢᠷᠠᠭᠤᠯᠵᠦ ᠬᠤᠪᠢ ᠬᠥᠮᠦᠨ ᠤ ᠳᠠᠪᠲᠠᠬᠤ ᠲᠥᠯᠥᠪᠯᠡᠭᠡ ᠶᠢ ᠨᠢ  ᠬᠠᠪᠰᠤᠷᠤᠠ ᠳᠤᠭᠳᠠᠭᠠᠵᠤ᠂ ᠱᠠᠲᠤ ᠦᠶ᠎ᠡ ᠶᠢᠨ ᠴᠢᠨᠠᠷᠲᠠᠶ ᠰᠤᠷᠤᠯᠴᠠᠬᠤ ᠡᠭᠦᠷᠭᠡ ᠶᠢ ᠲᠣᠳᠣᠷᠬᠠᠢ ᠪᠤᠯᠭᠠᠨ᠂ ᠰᠢᠯᠭᠠᠯᠲᠠ ᠰᠤᠷᠤᠯᠭ᠎ᠠ ᠲᠠᠪᠳᠠᠯᠭ᠎ᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠳᠤᠯᠠᠵᠤ ᠪᠠᠶᠢᠨ᠎ᠠ᠃ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠨᠢ ︽ᠠᠬᠢᠴᠠ ᠨᠢ ᠶᠠᠰᠤ ᠴᠢᠨᠠᠷ ᠢ ᠳᠠᠭᠠᠬᠤ︾ ᠵᠠᠷᠴᠢᠮ ᠢ ᠪᠠᠷᠢᠮᠳᠠᠯᠠᠵᠦ ᠂ ᠰᠦᠯᠵᠢᠶ᠎ᠠ ᠪᠠᠷ ᠬᠢᠴᠢᠶᠡᠯᠯᠡᠬᠦ ᠪᠠᠷ ᠭᠤᠤᠯᠯᠡᠨ᠂ ᠬᠢᠴᠢᠶᠡᠯ ᠤᠨ ᠲᠠᠷᠠᠭ᠎ᠠ ᠮᠥᠷᠳᠡᠨ ᠨᠠᠶᠢᠳᠠᠪᠤᠷᠢᠵᠢᠭᠤᠯᠬᠤ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠵᠦ᠂ ᠰᠤᠷᠤᠭᠴᠢᠳ ᠤᠨ ᠰᠤᠷᠤᠯᠴᠠᠬᠤ ᠠᠬᠢᠴᠠ ᠪᠠᠷ ᠪᠠᠷᠢᠮᠵᠢᠶ᠎ᠠ ᠪᠣᠯᠭᠠᠨ᠎ᠠ᠃ ᠪᠠᠭᠰᠢ ᠨᠠᠷ ᠰᠤᠷᠤᠭᠴᠢᠳ ᠤᠨ ᠰᠤᠷᠤᠯᠴᠠᠬᠤ ᠲᠠᠪᠴᠠᠩ ᠢᠶᠠᠷ ᠳᠠᠰᠬᠠᠯ ᠵᠠᠰᠠᠬᠤ᠂ ᠬᠠᠷᠢᠭᠤ ᠲᠤᠰᠬᠠᠬᠤ ᠵᠡᠷᠭᠡ ᠵᠢᠭᠠᠠ ᠰᠤᠷᠭᠠᠯᠳᠠ ᠶᠢᠨ ᠡᠭᠦᠷᠭᠡ ᠶᠢ ᠰᠠᠶᠢᠳᠤᠷ ᠨᠠᠶᠢᠳᠠᠪᠤᠷᠢᠵᠢᠭᠤᠯᠵᠤ᠂ ᠬᠢᠴᠢᠶᠡᠯ ᠤᠨ ᠶᠠᠰᠤ ᠴᠢᠨᠠᠷ ᠢ ᠪᠠᠳᠤᠯᠠᠬᠤ ᠶᠢᠨ ᠬᠠᠮᠲᠤ᠂ ᠰᠤᠷᠭᠠᠭᠤᠯᠢ ᠠᠴᠠ ᠳᠠᠰᠬᠠᠯ ᠳᠠᠭᠠᠭᠠᠯᠭᠠᠪᠤᠷᠢ ᠶᠢᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠰᠤᠷᠤᠭᠴᠢᠳ ᠤᠨ ᠨᠢᠳᠦᠨ ᠤ ᠡᠷᠡᠭᠦᠯ ᠮᠡᠨᠳᠦ ᠶᠢ ᠦᠨᠡᠨ ᠬᠦ  ᠪᠠᠳᠤᠯᠠᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号