ᠥᠪᠡᠷᠲᠡᠭᠡᠨ ᠵᠠᠰᠠᠬᠤ ᠣᠷᠣᠨ ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠎ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠠᠱᠠ ᠵᠡᠭᠦᠨ ᠬᠤᠰᠢᠭᠤᠨ ᠤ ᠲᠤᠬᠠᠶ ᠶᠢᠨ ᠲᠠᠯᠠᠪᠤᠷ ᠤᠨ ᠰᠢᠢᠳᠪᠤᠷᠢᠯᠡᠬᠦ ᠠᠵᠢᠯ ᠤᠨ ᠲᠤᠰᠬᠠᠶ ᠠᠩᠭᠢ ᠶᠢᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/24
                ᠎ ᠲᠠᠢ ᠹᠠᠨᠭ᠌ ᠡᠷᠳᠡᠨᠢᠴᠢᠮᠡᠭ       10 ᠰᠠᠷ᠎ᠠ ᠶᠢᠨ 24᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠠᠱᠠ ᠵᠡᠭᠦᠨ ᠬᠤᠰᠢᠭᠤᠨ ᠤ ᠲᠤᠬᠠᠶ ᠶᠢᠨ ᠲᠠᠯᠠᠪᠤᠷ ᠤᠨ ᠰᠢᠢᠳᠪᠤᠷᠢᠯᠡᠬᠦ ᠠᠵᠢᠯ ᠤᠨ ᠲᠤᠰᠬᠠᠶ ᠠᠩᠭᠢ ᠶᠢᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠵᠤ᠂ ᠲᠤᠰᠬᠠᠶ ᠠᠩᠭᠢ ᠶᠢᠨ ᠡᠯ᠎ᠡ ᠠᠵᠢᠯᠯᠠᠬᠤ ᠳᠤᠭᠤᠶᠢᠯᠠᠩ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠵᠣᠬᠢᠴᠠᠭᠤᠯᠤᠨ ᠰᠢᠢᠳᠪᠤᠷᠢᠯᠡᠬᠦ ᠴᠢᠬᠤᠯᠠᠲᠠᠶ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠴᠢᠨ ᠶᠠᠨ ᠬᠤᠷᠠᠯ ᠡᠷᠭᠢᠯᠡᠪᠡ᠃   ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠤ ᠬᠢᠵᠢᠭ ᠢ ᠰᠡᠷᠭᠡᠶᠢᠯᠡᠨ  ᠡᠵᠡᠮᠳᠡᠬᠦ ᠪᠠᠶᠢᠳᠠᠯ ᠬᠦᠨᠳᠦ ᠬᠡᠴᠡᠭᠦᠦ ᠪᠤᠳᠤᠯᠢᠶᠠᠨᠲᠠᠢ ᠪᠠᠶᠢᠭ᠎ᠠ ᠶᠢ ᠭᠦᠨᠵᠡᠭᠡᠶ ᠲᠠᠨᠢᠵᠤ᠂ ᠬᠠᠲᠠᠭᠤ ᠳᠠᠶᠢᠯᠠᠯᠳᠤᠭᠠᠨ ᠬᠢᠵᠦ ᠴᠢᠳᠠᠬᠤ ᠰᠢᠯᠢᠳᠡᠭ ᠰᠤᠷᠲᠠᠯ ᠪᠠ ᠠᠵᠢᠯ ᠦᠢᠯᠡᠰ ᠢᠶᠠᠨ ᠳᠡᠭᠡᠳᠦᠯᠡᠬᠦ ᠬᠠᠷᠢᠭᠤᠴᠠᠯᠭᠠᠳᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ︽ᠨᠢᠬᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠠᠲᠤ ᠪᠠᠬᠢ  ᠱᠤᠭᠤᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠢᠵᠢᠭ ᠎ ᠢ ᠰᠡᠷᠭᠡᠶᠢᠯᠡᠨ  ᠡᠵᠡᠮᠳᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃   ᠬᠦᠮᠦᠠ ᠤ ᠬᠦᠴᠦᠨ ᠎ ᠢᠶᠠᠨ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠴᠤᠭᠯᠠᠭᠤᠯᠤᠬᠰᠠᠨ ᠪᠥᠭᠡᠮ ᠬᠦᠴᠢᠯ ᠤᠨ ᠥᠯᠢᠭᠡᠷ ᠡᠳ᠋ ᠢ ᠰᠢᠯᠵᠢᠭᠦᠯᠦᠨ  ᠬᠦᠷᠭᠡᠵᠦ ᠰᠢᠯᠭᠠᠨ ᠪᠠᠶᠢᠴᠠᠭᠠᠯᠭᠠᠬᠤ ᠠᠵᠢᠯ ᠢ ᠠᠮᠤᠷ ᠲᠦᠪᠰᠢᠨ ᠡᠮᠬᠢ ᠵᠢᠷᠤᠮ ᠲᠠᠢ ᠰᠠᠶᠢᠲᠤᠷ ᠬᠢᠵᠦ᠂ ᠴᠠᠭ ᠲᠤᠬᠠᠶ ᠳᠤᠨᠢ ᠪᠠᠶᠢᠴᠠᠭᠠᠨ ᠰᠢᠯᠭᠠᠵᠤ ᠴᠠᠭ ᠲᠤᠬᠠᠶ ᠳᠤᠨᠢ ᠦᠷ᠎ᠡ ᠳ᠋ᠦᠩ ᠢᠶᠠᠨ ᠮᠡᠳᠡᠭᠦᠯᠬᠦ ᠶᠢ ᠦᠨᠡᠨᠬᠦ ᠪᠠᠲᠤᠯᠠᠨ᠂ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠳᠤ ᠴᠠᠭ ᠰᠢᠮᠳᠠᠨ ᠤᠯᠬᠤ ᠬᠡᠷᠡᠭᠲᠡᠶ᠃ ᠭᠤᠤᠯᠳᠠᠯᠭ᠎ᠠ ᠲᠠᠢ ᠬᠥᠮᠦᠰ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠬᠥᠮᠦᠰ ᠤᠨ  ᠠᠵᠢᠯᠯᠠᠭᠠᠠ ᠤ ᠵᠠᠮ ᠮᠦᠷ ᠢ ᠪᠥᠬᠦ ᠲᠠᠯ᠎ᠠ ᠪᠠᠷ ᠣᠨᠣᠪᠴᠢᠲᠠᠶ ᠡᠵᠡᠮᠰᠢᠨ᠂ ᠬᠠᠮᠵᠢᠯᠴᠠᠨ ᠪᠠᠶᠢᠴᠠᠭᠠᠬᠰᠠᠨ ᠵᠠᠷᠯᠠᠯ ᠢ ᠴᠠᠭ ᠲᠤᠬᠠᠶ ᠳᠤᠨᠢ ᠨᠡᠶᠢᠲᠡᠯᠡᠵᠦ᠂ ᠬᠥᠮᠦᠰ ᠢ ᠬᠠᠮᠢᠶᠠᠷᠤᠨ ᠡᠵᠡᠮᠳᠡᠬᠦ᠂ ᠲᠤᠰᠠᠭᠠᠷᠯᠠᠵᠤ ᠦᠯᠡᠳᠡᠭᠡᠨ ᠠᠵᠢᠭᠯᠠᠬᠤ᠂ ᠪᠥᠭᠡᠮ ᠬᠦᠴᠢᠯ ᠎ ᠤᠨ ᠪᠠᠶᠢᠴᠠᠭᠠᠯᠳᠠ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠡᠪᠡᠳᠴᠢᠲᠡᠨ ᠢ ᠠᠪᠤᠷᠠᠨ ᠡᠮᠴᠢᠯᠠᠬᠦ ᠠᠵᠢᠯ ᠢ ᠴᠢᠩᠭᠠᠳᠬᠠᠵᠤ᠂ ᠠᠪᠤᠷᠠᠨ ᠡᠮᠴᠢᠯᠡᠬᠦ᠂ ᠰᠡᠷᠭᠡᠶᠢᠯᠡᠨ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠰᠢᠨᠵᠢᠯᠡᠬᠦ ᠤᠬᠠᠭᠠᠨᠴᠢ ᠪᠠᠷ  ᠵᠤᠬᠢᠴᠠᠭᠤᠯᠵᠤ ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠯ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠶ᠃ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠪᠣᠯᠤᠨ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠂ ᠡᠩ ᠤᠨ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠶ᠃ ᠡᠮᠴᠢ ᠰᠤᠪᠢᠯᠠᠭᠴᠢ ᠶᠢ ᠬᠠᠯᠠᠮᠵᠢᠯᠠᠨ ᠬᠠᠶᠢᠷᠠᠯᠠᠵᠤ᠂ ᠡᠮᠴᠢ ᠰᠤᠪᠢᠯᠠᠭᠴᠢ ᠶᠢ ᠰᠢᠨᠵᠢᠯᠡᠬᠦ ᠤᠬᠠᠭᠠᠨᠴᠢ ᠪᠠᠷ ᠰᠢᠯᠵᠢᠭᠦᠯᠦᠨ ᠲᠣᠬᠢᠷᠠᠭᠤᠯᠵᠤ᠂ ᠵᠣᠬᠢᠰᠲᠠᠶ ᠠᠵᠢᠯ ᠤᠨ ᠪᠠᠶᠢᠷᠢ ᠡᠭᠡᠯᠵᠢᠯᠡᠭᠦᠯᠦᠨ᠂ ᠲᠤᠰᠬᠠᠶ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠂ ᠡᠮᠴᠢ ᠰᠤᠪᠢᠯᠠᠭᠴᠢ ᠶᠢᠨ ᠰᠠᠶᠢᠨ ᠰᠠᠶᠢᠬᠠᠨ ᠠᠵᠢᠯ ᠤᠨ ᠪᠠᠶᠢᠳᠠᠯ ᠢ ᠪᠠᠲᠤᠯᠠᠬᠤ ᠬᠡᠷᠡᠭᠲᠡᠶ᠃ ᠰᠠᠭᠤᠭᠠᠯᠢ ᠠᠷᠠᠳ ᠤᠨ ᠬᠤᠷᠢᠶᠠᠯᠠᠯ ᠪᠡ ᠪᠠᠶᠢᠰᠢᠩ ᠪᠦᠳᠦᠴᠡ ᠲᠠᠢ ᠣᠷᠣᠨ ᠰᠠᠭᠤᠴᠠ ᠶᠢᠨ ᠲᠣᠭᠤᠷᠢᠭ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠬᠤ ᠠᠵᠢᠯ ᠢ ᠰᠠᠶᠢᠲᠤᠷ ᠬᠢᠵᠤ᠂  ᠪᠠᠶ᠎ᠠ ᠶᠢᠨ ᠬᠠᠯᠠᠭᠤᠠ ᠢ ᠬᠡᠮᠵᠢᠬᠦ᠂ ᠠᠶᠠᠯᠠᠯ ᠤᠨ ᠺᠤᠲ᠂ ᠡᠷᠡᠭᠦᠯ ᠮᠡᠨᠳᠦ ᠶᠢᠨ  ᠺᠤᠲ ᠢ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠬᠥᠮᠦᠰ ᠬᠠᠮᠢᠶᠠᠷᠤᠯᠲᠠ ᠠᠴᠠ ᠭᠤᠭᠤᠵᠢᠭᠳᠠᠬᠤ ᠶᠢ ᠰᠡᠷᠭᠡᠶᠢᠯᠡᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠰᠡᠷᠭᠡᠶᠢᠯᠡᠨ ᠡᠵᠡᠮᠳᠡᠬᠦ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠣᠯᠠᠨ ᠲᠦᠮᠡᠨ ᠤ ᠲᠥᠪᠯᠡᠷᠡᠭᠦᠯᠬᠦ ᠪᠠ ᠭᠠᠳᠠᠬᠰᠢ ᠭᠠᠷᠴᠤ ᠬᠦᠳᠡᠯᠭᠡᠭᠡᠨ ᠬᠢᠬᠦ ᠪᠠᠨ ᠪᠠᠭᠠᠰᠬᠠᠬᠤ ᠶᠢ ᠵᠢᠯᠤᠭᠤᠳᠬᠤ ᠬᠡᠷᠡᠭᠲᠡᠶ᠃ ᠡᠳ᠋ ᠪᠣᠳᠠᠰ ᠤᠨ ᠬᠠᠩᠭᠠᠯᠭ᠎ᠠ ᠶᠢ ᠴᠢᠩᠭᠠᠳᠬᠠᠵᠤ᠂ ᠡᠮᠴᠢᠯᠡᠭᠡᠨ ᠳᠤ ᠬᠡᠷᠡᠭᠯᠡᠬᠦ ᠡᠳ᠋ ᠪᠣᠳᠠᠰ ᠪᠠ ᠤᠯᠠᠨ ᠲᠦᠮᠡᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠢᠳᠡᠪᠬᠢᠲᠡᠶ ᠵᠣᠬᠢᠴᠠᠭᠤᠯᠤᠨ ᠰᠢᠯᠵᠢᠭᠦᠯᠦᠨ ᠲᠡᠭᠡᠭᠡᠪᠦᠷᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠠᠷᠠᠭ᠎ᠠ ᠳᠠᠷᠤᠬᠤ ᠪᠠ ᠪᠠᠷᠠᠭᠠᠨ ᠤ ᠦᠨ᠎ᠡ ᠶᠢ ᠥᠰᠬᠡᠬᠦ᠂ ᠬᠢᠷᠢ ᠲᠡᠩᠴᠡᠬᠦ ᠦᠭᠡᠢ  ᠪᠠᠷᠠᠭ᠎ᠠ ᠪᠤᠷᠤᠯᠠᠭᠤᠯᠬᠤ ᠶᠢ ᠴᠢᠩᠭ᠎ᠠ ᠴᠠᠭᠠᠵᠠᠯᠠᠵᠤ᠂ ᠡᠳ᠋ ᠪᠣᠳᠠᠰ ᠤᠨ ᠬᠠᠩᠭᠠᠯᠭ᠎ᠠ ᠶᠢᠨ ᠠᠶᠤᠯᠭᠦᠶ ᠪᠥᠭᠡᠳ ᠭᠦᠢᠴᠡᠳ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号