ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠢᠬᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠠᠷᠭ᠎ᠠ ᠴᠢᠨᠠᠷᠲᠠᠶ ᠡᠪᠡᠳᠴᠢᠨ ᠤ ᠵᠢᠱᠢᠶ᠎ᠡ ᠶᠢᠨ ᠠᠵᠢᠯᠯᠠᠭᠠᠨ ᠤ ᠵᠠᠮ ᠮᠥᠷ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2021/10/24
   2021 ᠣᠨ ᠤ 10 ᠰᠠᠷ᠎ᠠ ᠶᠢᠨ 20᠎ ᠤ ᠡᠳᠦᠷ᠂ ᠠᠯᠠᠱᠠ ᠵᠡᠭᠦᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠮᠡᠳᠡᠭᠦᠯᠦᠯᠲᠡ ᠳᠤ 1᠄ 10᠎ ᠶᠢᠨ ᠰᠢᠨ᠎ᠡ ᠲᠢᠲᠢᠮᠯᠢᠭ ᠸᠢᠷᠦ᠋ᠰ ᠤᠨ ᠬᠤᠯᠢᠮᠠᠭ ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠴᠢᠨᠠᠷ ᠲᠠᠢ ᠪᠠᠶᠢᠪᠠ᠃ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ 10 ᠪᠠᠶᠢᠴᠠᠭᠠᠭᠳᠠᠭᠴᠢ ᠶᠢ ᠲᠤᠰᠠᠭᠠᠷᠯᠠᠭᠰᠠᠨ ᠴᠡᠭ ᠲᠤ ᠰᠢᠯᠵᠢᠭᠦᠯᠦᠨ ᠲᠤᠰᠠᠭᠠᠷᠯᠠᠨ ᠬᠠᠮᠢᠶᠠᠷᠤᠨ ᠡᠵᠡᠮᠳᠡᠵᠦ᠂ ︽ᠬᠤᠤᠰ ᠠᠪᠴᠦ ᠬᠤᠤᠰ ᠪᠠᠶᠢᠴᠠᠭᠠᠬᠤ︾ ᠠᠷᠭ᠎ᠠ ᠶᠢ ᠬᠡᠷᠡᠭᠯᠡᠨ᠂ ᠠᠯᠠᠱᠠ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢᠶᠠᠷ ᠳᠠᠬᠢᠨ ᠬᠠᠷᠭᠤᠭᠤᠯᠤᠭᠰᠠᠨ ᠳᠤ ᠭᠦᠸᠧ ᠣᠪᠣᠭᠲᠤ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠠᠷᠭ᠎ᠠ ᠴᠢᠨᠠᠷ ᠲᠠᠢ ᠪᠠᠶᠢᠪᠠ᠃ ᠣᠳᠣᠬᠠᠨ ᠳᠤ᠂ ᠭᠦᠸᠧ ᠣᠪᠣᠭᠲᠤ ᠶᠢᠨ ᠨᠢᠭᠲᠠ ᠣᠶᠢᠷᠠᠲᠤᠭᠰᠠᠳ᠂ ᠳᠡᠳ᠋ ᠨᠢᠭᠲᠠ ᠣᠶᠢᠷᠠᠲᠤᠭᠰᠠᠳ ᠵᠡᠷᠭᠡ ᠬᠥᠮᠦᠰ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠮᠦᠷᠳᠡᠵᠦ ᠬᠠᠮᠢᠶᠠᠷᠦᠨ   ᠡᠵᠡᠮᠳᠡᠯᠳᠡ ᠬᠢᠵᠦ ᠪᠠᠶᠢᠨ᠎ᠠ᠃    ᠭᠦᠸᠧ ᠣᠪᠣᠭᠲᠤ ᠶᠢᠨ ᠠᠵᠢᠯᠯᠠᠭᠠᠨ ᠤ ᠵᠠᠮ ᠮᠥᠷ᠄    2021 ᠣᠨ ᠤ 10 ᠰᠠᠷ᠎ᠠ ᠶᠢᠨ 4᠎ ᠤ ᠡᠳᠦᠷ ᠭᠦᠸᠧ ᠣᠪᠣᠭᠲᠤ 6 ᠬᠥᠮᠦᠨ ︵ᠭᠦᠸᠧ ᠣᠪᠣᠭᠲᠤ ᠨᠢᠭᠡ ᠭᠡᠷ ᠤᠨ 3 ᠬᠥᠮᠦᠨ᠂ ᠳᠡᠬᠦᠨ ᠤ ᠬᠤᠳᠠ ᠪᠤᠯᠬᠤ ᠯᠢᠦ ᠣᠪᠣᠭᠲᠤ ᠨᠢᠭᠡ ᠭᠡᠷ ᠤᠨ 3 ᠬᠥᠮᠦᠨ︶ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠠᠴᠠ ᠮᠠᠰᠢᠨ ᠵᠢᠯᠣᠭᠤᠳᠴᠤ ᠴᠧᠩᠳᠦ᠋ ᠳᠤ ᠵᠢᠭᠤᠯᠴᠢᠯᠠᠬᠤ ᠵᠠᠮ ᠳᠠᠭᠠᠨ ᠬᠠᠨᠵᠦ᠋ᠩ ᠬᠤᠳᠠ ᠶᠢᠨ ᠬᠤᠩ ᠢᠦᠢ ᠬᠤᠳᠠᠯᠳᠤᠭᠠᠨ ᠤ ᠵᠣᠴᠢᠳ ᠤᠨ ᠪᠠᠭᠤᠳᠠᠯ ᠳᠤ ᠬᠤᠨᠣᠭᠯᠠᠪᠠ᠃     10 ᠰᠠᠷ᠎ᠠ ᠶᠢᠨ 5᠎ ᠤ ᠡᠳᠦᠷ ᠴᠧᠩᠳᠦ᠋ ᠬᠤᠲᠠ ᠶᠢᠨ ᠷᠦᠩ ᠲᠦᠩ ᠰᠢᠨᠬᠤᠸᠠ ᠪᠠᠭᠤᠳᠠᠯ ᠳᠤ ᠪᠠᠭᠤᠳᠠᠯᠯᠠᠪᠠ    10 ᠰᠠᠷ᠎ᠠ ᠶᠢᠨ 6᠎ ᠤ ᠡᠳᠦᠷ ᠠᠴᠠ 9᠎ ᠤ ᠡᠳᠦᠷ ᠪᠣᠯᠲᠠᠯ᠎ᠠ ᠯᠤᠱᠠᠨ ᠬᠤᠲᠠ᠂ ᠧ ᠮᠧᠶ ᠱᠠᠨ ᠬᠤᠲᠠ᠂ ᠳ᠋ᠦ᠋ ᠵᠢᠶᠠᠩ ᠶᠠᠨ ᠬᠤᠲᠠ ᠳᠤ ᠵᠤᠭᠠᠴᠠᠵᠠᠢ᠃    10 ᠰᠠᠷ᠎ᠠ ᠶᠢᠨ 10᠎ ᠤ ᠡᠳᠦᠷ ᠴᠧᠩᠳᠦ᠋ ᠬᠤᠳᠠ ᠠᠴᠠ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠳᠤ ᠪᠤᠴᠠᠬᠤ ᠵᠠᠮ ᠳᠠᠭᠠᠨ ᠳ᠋ᠧ ᠶᠠᠩ ᠬᠤᠳᠠ ᠶᠢᠨ ᠲᠦᠷᠭᠡᠨ ᠤ ᠵᠠᠮ ᠤᠨ ᠬᠠᠵᠠᠭᠤ ᠶᠢᠨ ︽ᠰᠤ᠋ 8︾ ᠪᠠᠭᠤᠳᠠᠯ ᠳᠤ ᠬᠤᠨᠣᠵᠤ ᠥᠩᠭᠡᠷᠡᠪᠡ᠃    10 ᠰᠠᠷ᠎ᠠ ᠶᠢᠨ 11᠎ ᠤ ᠡᠳᠦᠷ ᠤᠨ 21᠄ 53 ᠴᠠᠭ ᠲᠤ ᠭᠦᠸᠧ ᠣᠪᠣᠭᠲᠤ 3 ᠬᠥᠮᠦᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠵᠢᠶᠠᠨ ᠺᠠᠩ ᠬᠤᠸᠠ ᠶᠤᠸᠠᠨ ᠬᠤᠷᠢᠶᠠᠯᠠᠯ ᠤᠨ ᠬᠡᠷ ᠲᠡᠭᠡᠨ ᠪᠤᠴᠠᠵᠤ ᠢᠷᠡᠵᠦ᠂ ᠬᠠᠮᠳᠤ ᠶᠠᠪᠤᠭᠰᠠᠨ ᠯᠢᠦ ᠣᠪᠣᠭᠲᠤ 3 ᠬᠥᠮᠦᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠮᠸᠢ ᠯᠢᠩ ᠸᠠᠨ ᠬᠤᠷᠢᠶᠠᠯᠠᠯ ᠳᠤ ᠬᠠᠷᠢᠵᠦ᠂ ᠴᠥᠮ ᠭᠠᠳᠠᠭᠰᠢ ᠭᠠᠷᠤᠭᠰᠠᠨ ᠦᠭᠡᠶ᠃    10 ᠰᠠᠷ᠎ᠠ ᠶᠢᠨ 12᠎ ᠤᠨ ᠡᠳᠦᠷ ᠤᠨ 8᠄ 15 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠲᠥᠪ ᠵᠠᠬ᠎ᠠ ᠳᠡᠯᠭᠡᠭᠦᠷ ᠤᠨ ᠵᠡᠭᠦᠨ ᠡᠭᠦᠳᠡᠨ ᠤ ᠨᠢᠬᠡᠨ ᠥᠷᠯᠥᠭᠡᠨ ᠤ ᠬᠤᠭᠤᠯᠠᠨ ᠬᠡᠷ ᠲᠤ ᠬᠤᠭᠤᠯᠠ ᠢᠳᠡᠵᠦ ︵ᠳᠡᠯᠭᠡᠭᠦᠷ ᠤᠨ ᠨᠡᠷ᠎ᠡ ᠨᠢ ᠲᠣᠳᠣᠷᠬᠠᠶ ᠥᠬᠡᠶ᠂ ᠸᠢᠴᠠᠲ ᠤᠨ ᠨᠡᠷ᠎ᠡ᠄ ᠰᠢᠶᠦ᠋ᠩ ᠶᠢᠩ ᠤᠤ ᠰᠢᠶᠠᠩ︶ ᠪᠠᠶᠢᠭᠠᠳ ᠬᠡᠷ ᠲᠡᠭᠡᠨ ᠬᠠᠷᠢᠪᠠ︔ 11᠄ 03 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠯᠤᠤ ᠪᠢᠩ ᠢᠳᠡᠰᠢᠨ ᠨᠤᠭᠤᠭ᠎ᠠ ᠶᠢᠨ ᠳᠡᠯᠭᠡᠭᠦᠷ ᠠᠴᠠ ᠨᠣᠭᠤᠭ᠎ᠠ ᠬᠤᠳᠠᠯᠳᠤᠨ ᠠᠪᠤᠭᠠᠳ ᠬᠡᠷ ᠲᠡᠭᠡᠨ ᠪᠤᠴᠠᠪᠠ︔ 16᠄ 37 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠲᠢᠶᠠᠨ ᠾᠧᠩ ᠶᠡᠷᠦᠩᠬᠡᠶᠢᠯᠡᠭᠰᠡᠨ ᠡᠭᠦᠳᠡᠨ ᠡᠮᠨᠡᠯᠭᠡ ᠠᠴᠠ ᠡᠮ ᠬᠤᠳᠠᠯᠳᠤᠨ ᠠᠪᠴᠤ᠂ ᠡᠨᠡ ᠬᠤᠭᠤᠴᠠᠭᠠᠨ ᠳᠤ ᠨᠢᠭᠡ ᠡᠷᠡᠭᠲᠡᠶ ᠡᠮᠴᠢ ᠴᠢᠰᠤᠨ ᠳᠠᠷᠤᠯᠲᠠ ᠶᠢ ᠨᠢ ᠬᠡᠮᠵᠢᠵᠦ ᠦᠭᠭᠦᠭᠰᠡᠨ ᠪᠠᠶᠢᠪᠠ᠃ ᠳᠡᠨᠳᠡ ᠠᠴᠠ ᠬᠡᠷ ᠲᠡᠭᠡᠨ ᠬᠠᠷᠢᠭᠠᠳ ᠭᠠᠳᠠᠭᠰᠢ ᠭᠠᠷᠤᠭᠰᠠᠨ ᠥᠬᠡᠶ᠃    10 ᠰᠠᠷ᠎ᠠ ᠶᠢᠨ 13᠎ ᠤ ᠡᠳᠦᠷ ᠤᠨ 7᠄ 17 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠱᠢ ᠪᠥᠸᠧ ᠶᠤᠸᠠᠨ ᠬᠠᠴᠢᠨ ᠴᠢᠯᠠᠭᠤᠨ ᠤ ᠦᠵᠡᠰᠭᠦᠯᠡᠩ ᠳᠠᠬᠢ ᠪᠠᠶ ᠬᠤᠩ ᠦᠬᠡᠷ ᠤᠨ ᠮᠢᠬ᠎ᠠ ᠲᠠᠢ ᠲᠠᠲᠠᠮᠠᠯ ᠭᠤᠯᠢᠷ ᠤᠨ ᠬᠤᠭᠤᠯᠠᠨ ᠬᠡᠷ ᠲᠤ ᠬᠤᠭᠤᠯᠠ ᠢᠳᠡᠵᠦ᠂ ᠳᠠᠷᠠᠭ᠎ᠠ ᠨᠢ ᠦᠬᠠᠶ ᠬᠤᠲᠠ ᠶᠢᠨ ᠭᠤᠸᠠᠩ ᠨᠠ ᠨᠡᠭᠦᠷᠡᠰᠦ ᠤᠬᠢᠶᠠᠬᠤ ᠦᠢᠯᠡᠳᠪᠦᠷᠢ ᠳᠤ ᠬᠥᠷᠪᠡ︔ 13᠄ 07᠎ ᠲᠤ ᠦᠬᠠᠶ ᠬᠤᠲᠠ ᠶᠢᠨ ᠭᠤᠸᠠᠩ ᠨᠠ ᠨᠡᠭᠦᠷᠡᠰᠦ ᠤᠬᠢᠶᠠᠬᠤ ᠦᠢᠯᠡᠳᠪᠦᠷᠢ ᠳᠤ ᠬᠦᠷᠴᠦ ᠨᠡᠭᠦᠷᠡᠰᠦ ᠰᠠᠪᠠᠯᠠᠪᠠ ︵ᠨᠡᠭᠦᠷᠡᠰᠦ ᠰᠠᠪᠠᠯᠠᠭᠰᠠᠨ ᠵᠣᠭᠤᠰ ᠢ ᠸᠢᠴᠠᠲ ᠢᠶᠠᠷ ᠥᠭᠪᠡ᠂ ᠸᠢᠴᠠᠲ ᠤᠨ ᠨᠡᠷ᠎ᠡ ᠨᠢ ᠴᠢᠩ ᠴᠦᠨ ᠡᠤ ᠬᠤᠢ︶︔ 18᠄ 20 ᠴᠠᠭ ᠤᠨ ᠦᠶ᠎ᠡ ᠪᠠᠷ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠬᠠᠯᠠᠭᠤᠨ ᠡᠨᠧᠷᠭᠢ ᠶᠢᠨ ᠺᠣᠮᠫᠠᠨᠢ ᠳᠤ ᠬᠦᠷᠴᠦ ᠨᠡᠭᠦᠷᠡᠰᠦ ᠪᠠᠨ ᠪᠠᠭᠤᠯᠭᠠᠵᠤ ︵ᠨᠡᠬᠦᠷᠡᠰᠦ ᠪᠠᠭᠤᠯᠭᠠᠭᠰᠠᠨ ᠵᠣᠭᠤᠰ ᠢᠶᠠᠨ ᠸᠢᠴᠠᠲ ᠤᠨ ᠨᠡᠷ᠎ᠡ ᠨᠢ ᠯᠢ ᠣᠪᠣᠭᠲᠤ ᠬᠡᠬᠦ ᠬᠦᠮᠦᠨ ᠳᠤ  ᠳᠤᠰᠢᠶᠡᠵᠡᠢ︶᠂ ᠳᠠᠷᠠᠭ᠎ᠠ ᠨᠢ ᠬᠡᠷ ᠲᠡᠭᠡᠨ ᠬᠠᠷᠢᠭᠠᠳ ᠭᠠᠳᠠᠭᠰᠢ ᠭᠠᠷᠤᠭᠰᠠᠨ ᠥᠬᠡᠶ᠃    10 ᠰᠠᠷ᠎ᠠ ᠶᠢᠨ 14᠎ ᠤ ᠡᠳᠦᠷ ᠤᠨ 7᠄ 41 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ  ᠭᠤᠷᠪᠠᠳᠤᠭᠠᠷ ᠬᠦᠬᠦᠷᠬᠡ ᠣᠷᠴᠢᠮ ᠥᠷᠯᠥᠭᠡᠨ ᠤ ᠬᠤᠭᠤᠯᠠ ᠢᠳᠡᠬᠡᠳ ︵ᠳᠡᠯᠭᠡᠭᠦᠷ ᠤᠨ ᠨᠡᠷ᠎ᠡ ᠨᠢ ᠲᠣᠳᠣᠷᠬᠠᠶ ᠥᠬᠡᠶ᠂ ᠸᠢᠴᠠᠲ ᠤᠨ ᠨᠡᠷ᠎ᠡ᠄ ᠨᠢ ᠱᠦᠶ ᠴᠢᠩ ᠭᠡᠳᠡᠭ︶᠂ ᠬᠡᠷ ᠲᠡᠭᠡᠨ ᠬᠠᠷᠢᠪᠠ︔ 9᠄ 33 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠯᠤᠤ ᠮᠠ ᠨᠣᠭᠤᠭ᠎ᠠ ᠶᠢᠨ ᠳᠡᠯᠭᠡᠭᠦᠷ ᠲᠤ ᠬᠦᠷᠴᠦ ᠨᠣᠭᠤᠭ᠎ᠠ ᠬᠤᠳᠠᠯᠳᠤᠨ ᠠᠪᠤᠭᠠᠳ ᠬᠡᠷ ᠲᠡᠭᠡᠨ ᠬᠠᠷᠢᠭᠠᠳ ᠭᠠᠳᠠᠭᠰᠢ ᠭᠠᠷᠤᠭᠰᠠᠨ ᠥᠬᠡᠶ᠃    10 ᠰᠠᠷ᠎ᠠ ᠶᠢᠨ 15᠎ ᠤ ᠡᠳᠦᠷ ᠤᠨ 7᠄ 21 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠭᠤᠷᠪᠠᠳᠤᠭᠠᠷ ᠬᠦᠬᠦᠷᠬᠡ ᠶᠢᠨ ᠬᠤᠩ ᠮᠧᠶ ᠪᠤᠤᠵᠠ ᠶᠢᠨ ᠬᠤᠭᠤᠯᠠᠨ ᠬᠡᠷ ᠲᠤ ᠬᠤᠭᠤᠯᠠ ᠢᠳᠡᠵᠡᠢ ︵ᠸᠢᠴᠠᠲ ᠤᠨ ᠨᠡᠷ᠎ᠡ ᠨᠢ ᠢᠦᠶ ᠣᠪᠣᠭᠲᠤ ᠬᠡᠰᠡᠨ ᠬᠦᠮᠦᠨ ᠳᠤ ᠵᠤᠭᠤᠰ ᠢ ᠨᠢ ᠦᠭᠪᠡ︶︔ 7᠄ 30 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠵᠢᠶᠠᠨ ᠺᠠᠩ ᠲᠥᠬᠦᠮ ᠦᠵᠡᠭᠦᠯᠬᠦ ᠳᠡᠯᠭᠡᠭᠦᠷ ᠠᠴᠠ ᠪᠠᠷᠠᠭ᠎ᠠ ᠬᠤᠳᠠᠯᠳᠤᠨ ᠠᠪᠤᠪᠠ︔ 7᠄ 51᠎  ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠲᠥᠪ ᠵᠠᠬ᠎ᠠ ᠳᠡᠯᠭᠡᠭᠦᠷ ᠤᠨ ᠣᠶᠢᠷᠠᠯᠴᠠᠭ᠎ᠠ ᠠᠴᠠ ᠨᠣᠭᠤᠭ᠎ᠠ ᠬᠤᠳᠠᠯᠳᠤᠨ ᠠᠪᠤᠪᠠ ︵ᠵᠣᠭᠤᠰ ᠦᠭᠭᠦᠭᠰᠡᠨ ᠸᠢᠴᠠᠲ ᠤᠨ ᠨᠡᠷ᠎ᠡ᠄ ᠯᠢᠦ ᠣᠪᠣᠭᠲᠤ︶︔ 8᠄ 00 ᠴᠠᠭ ᠲᠤ ᠲᠡᠷᠭᠡ ᠵᠢᠯᠣᠭᠤᠳᠤᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠠᠴᠠ ᠮᠣᠷᠳᠠᠵᠤ᠂ 12᠄ 53 ᠴᠠᠭ ᠲᠤ ᠠᠯᠠᠱᠠ ᠵᠡᠭᠦᠨ ᠬᠤᠰᠢᠭᠤᠨ ᠤ ᠥᠯᠵᠡᠶ ᠬᠡᠢ ᠨᠡᠮᠡᠬᠦ ᠥᠷᠲᠡᠭᠡ ᠠᠴᠠ ᠬᠡᠶ ᠨᠡᠮᠡᠪᠡ︔ 13᠄ 10 ᠴᠠᠭ ᠲᠤ ᠠᠯᠠᠱᠠ ᠵᠡᠭᠦᠨ ᠬᠤᠰᠢᠭᠤᠨ ᠤ ᠥᠯᠵᠡᠶ ᠰᠤᠮᠤᠨ ᠤ ᠴᠢ ᠰᠠᠨ ᠬᠠᠶᠢᠷ ᠲᠤᠭᠤᠭ᠎ᠠ ᠬᠤᠭᠤᠯᠠᠨ ᠬᠡᠷ ᠲᠤ ᠬᠤᠭᠤᠯᠠ ᠢᠳᠡᠵᠡᠢ︔ 20᠄ 00 ᠴᠠᠭ ᠤᠨ ᠦᠶ᠎ᠡ ᠪᠠᠷ ᠡᠵᠡᠨ᠎ᠡ ᠬᠤᠰᠢᠭᠤᠨ ᠤ ᠳᠦᠷᠭᠡᠨ ᠤ ᠵᠠᠰᠠᠮᠠᠯ ᠵᠠᠮ ᠳᠤ ᠭᠠᠷᠬᠤ ᠠᠮᠠᠨ ᠳᠤ ᠬᠦᠷᠴᠦ᠂ ᠲᠡᠷᠭᠡᠨ ᠳᠣᠲᠣᠷ᠎ᠠ ᠎ ᠪᠠᠨ ᠬᠤᠨᠤᠵᠡᠢ᠃    10 ᠰᠠᠷ᠎ᠠ ᠶᠢᠨ 16᠎ ᠤ ᠡᠳᠦᠷ ᠤᠨ 8᠄ 00 ᠴᠠᠭ ᠲᠤ ᠡᠵᠡᠨ᠎ᠡ ᠬᠤᠰᠢᠭᠤᠨ ᠤ ᠲᠦᠷᠭᠡᠨ ᠤ ᠵᠠᠰᠠᠮᠠᠯ ᠵᠠᠮ ᠤᠨ ᠭᠠᠷᠬᠤ ᠠᠮᠠᠨ ᠠᠴᠠ ᠮᠣᠷᠳᠠᠵᠤ᠂ 11᠄ 00 ᠴᠠᠭ ᠲᠤ ᠴᠡᠭᠡ ᠪᠣᠭᠤᠮᠲᠠ ᠶᠢᠨ ᠮᠸᠡᠭ ᠢᠦᠶ ᠨᠡᠭᠦᠷᠡᠰᠦᠨ ᠲᠠᠯᠠᠪᠠᠶ ᠳᠤ ᠬᠦᠷᠴᠦ ᠨᠡᠭᠦᠷᠡᠰᠦ ᠰᠠᠪᠠᠯᠠᠪᠠ︔ 13᠄ 20 ᠴᠠᠭ ᠲᠤ ᠴᠡᠭᠡ ᠪᠣᠭᠤᠮᠲᠠ ᠶᠢᠨ ᠮᠠ ᠬᠤᠢ ᠴᠢᠨ ᠯᠠᠯᠤ ᠶᠢᠨ ᠬᠤᠭᠤᠯᠠᠨ ᠭᠡᠷ ᠲᠤ ᠬᠤᠭᠤᠯᠠ ᠢᠳᠡᠵᠦ᠂ ᠳᠠᠷᠠᠭᠠᠴᠢ ᠪᠠᠷ ᠳᠠᠬᠢᠨ ᠵᠠᠮ ᠬᠦᠬᠡᠬᠡᠪᠡ︔ 18᠄ 23᠎ ᠲᠤ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠤ ᠬᠤᠸᠠᠨ ᠳ᠋ᠠ ᠰᠢᠨ᠎ᠡ ᠡᠨᠧᠷᠭᠢ ᠶᠢᠨ ᠬᠡᠢ ᠨᠡᠮᠡᠬᠦ ᠥᠷᠲᠡᠭᠡ ᠳᠤ ᠬᠡᠢ ᠨᠡᠮᠡᠵᠡᠢ︔ 20᠄ 30᠎ ᠲᠤ ᠡᠵᠡᠨ᠎ᠡ ᠬᠤᠰᠢᠭᠤᠨ ᠤ ᠲᠦᠷᠭᠡᠨ ᠤ ᠵᠠᠰᠠᠮᠠᠯ ᠵᠠᠮ ᠳᠠᠬᠢ ᠬᠠᠨ ᠶᠦᠩ ᠬᠤᠭᠤᠯᠠᠨ ᠬᠡᠷ ᠲᠤ ᠬᠤᠭᠤᠯᠠ ᠢᠳᠡᠪᠡ ︵ᠲᠣᠭᠠᠴᠠᠭ᠎ᠠ ᠬᠢᠭᠰᠡᠨ ᠸᠢᠴᠠᠲ ᠤᠨ ᠨᠡᠷ᠎ᠡ᠄ ᠯᠢᠦ ᠣᠪᠣᠭᠲᠤ︶︔ 22᠄ 30᠎ ᠲᠤ ᠡᠵᠡᠨ᠎ᠡ ᠬᠤᠰᠢᠭᠤᠨ ᠤ ᠶᠠᠭᠠᠨ ᠦᠢᠯᠡᠴᠢᠯᠡᠭᠡᠨ ᠤ ᠲᠣᠭᠤᠷᠢᠭ ᠲᠤ ᠬᠦᠷᠴᠦ᠂ ᠲᠡᠷᠭᠡᠨ ᠳᠣᠲᠣᠷ᠎ᠠ ᠪᠠᠨ ᠬᠤᠨᠤᠪᠠ  ᠃    10 ᠰᠠᠷ᠎ᠠ ᠶᠢᠨ 17᠎ ᠤ ᠡᠳᠦᠷ ᠤᠨ 6᠄ 30 ᠴᠠᠭ ᠤᠨ ᠦᠶ᠎ᠡ ᠪᠠᠷ ᠡᠵᠡᠨ᠎ᠡ ᠬᠤᠰᠢᠭᠤᠨ ᠤ ᠶᠠᠭᠠᠨ ᠦᠢᠯᠡᠴᠢᠯᠡᠬᠡᠨ ᠤ ᠲᠣᠭᠤᠷᠢᠭ ᠠᠴᠠ ᠮᠣᠷᠳᠠᠵᠤ᠂ 22᠄ 26 ᠴᠠᠭ ᠤᠨ ᠦᠶ᠎ᠡ ᠪᠠᠷ ᠠᠯᠠᠱᠠ ᠵᠡᠭᠦᠨ ᠬᠤᠰᠢᠭᠤᠨ ᠤ ᠥᠯᠵᠡᠶ ᠰᠤᠮᠤᠨ ᠤ  ᠰᠤᠬᠤᠨᠳᠦ ᠳᠠᠬᠢ ᠦ᠋ ᠵᠧᠨ ᠶᠠᠨ ᠬᠤᠭᠤᠯᠠᠨ ᠬᠡᠷ ᠲᠤ ᠬᠤᠭᠤᠯᠠ ᠢᠳᠡᠬᠡᠳ ︵ᠸᠢᠴᠠᠲ ᠤᠨ ᠨᠡᠷ᠎ᠡ ᠨᠢ ᠦ᠋ ᠣᠪᠣᠭᠲᠤ ᠳᠤ ᠲᠤᠭᠠᠴᠠᠭ᠎ᠠ ᠬᠢᠪᠡ︶᠂ ᠵᠠᠯᠭᠠᠵᠦ ᠦᠷᠬᠦᠯᠵᠢᠯᠡᠨ ᠵᠠᠮᠨᠠᠪᠠ᠃    10 ᠰᠠᠷ᠎ᠠ ᠶᠢᠨ 18᠎ ᠤ ᠡᠳᠦᠷ ᠤᠨ 00᠄ 16 ᠴᠠᠭ ᠲᠤ ᠠᠯᠠᠱᠠ ᠵᠡᠭᠦᠨ ᠬᠤᠰᠢᠭᠤᠨ ᠤ ᠦᠯᠵᠡᠢ ᠶᠢᠨ ᠬᠡᠢ ᠨᠡᠮᠡᠬᠦ  ᠥᠷᠲᠡᠭᠡᠨ ᠳᠤ ᠬᠡᠶ ᠨᠡᠮᠡᠵᠦ᠂ ᠲᠡᠷᠭᠡᠨ ᠳᠣᠲᠣᠷ᠎ᠠ ᠪᠠᠨ ᠬᠤᠨᠤᠪᠠ︔ 8᠄ 00 ᠴᠠᠭ ᠲᠤ ᠠᠯᠠᠱᠠ ᠵᠡᠭᠦᠨ ᠬᠤᠰᠢᠭᠤᠨ ᠤ ᠥᠯᠵᠡᠶ ᠰᠤᠮᠤ ᠠᠴᠠ ᠮᠣᠷᠳᠠᠵᠤ᠂ 8᠄ 30 ᠴᠠᠭ ᠲᠤ ᠠᠯᠠᠱᠠ ᠵᠡᠭᠦᠨ ᠬᠤᠰᠢᠭᠤᠨ ᠤ ᠪᠠᠶᠠᠠᠨᠢᠷᠤᠭᠤᠨ ᠰᠤᠮᠤᠨ ᠤ ᠰᠢᠨ ᠴᠦᠨ ᠭᠤᠯᠢᠷ ᠤᠨ ᠬᠤᠭᠤᠯᠠᠨ ᠬᠡᠷ ᠲᠤ ᠬᠤᠭᠤᠯᠠ ᠢᠳᠡᠬᠡᠳ ᠦᠷᠬᠦᠯᠵᠢᠯᠡᠨ ᠵᠠᠮᠨᠠᠪᠠ︔ 15᠄ 00 ᠴᠠᠭ ᠤᠨ ᠦᠶ᠎ᠡ ᠪᠠᠷ ᠦᠬᠠᠶ ᠬᠤᠲᠠ ᠶᠢᠨ ᠰᠢ ᠯᠠᠶ ᠹᠸᠡᠭ ᠠᠵᠤ ᠦᠢᠯᠡᠳᠪᠤᠷᠢ ᠶᠢᠨ ᠳᠤᠭᠤᠷᠢᠭ ᠲᠤ ᠨᠡᠭᠦᠷᠡᠰᠦ ᠪᠠᠨ ᠪᠠᠭᠤᠯᠭᠠᠵᠤ᠂ ᠳᠠᠬᠢᠨ ᠦᠬᠠᠶ ᠬᠤᠲᠠ ᠶᠢᠨ ᠶᠦᠩ ᠴᠤᠸᠠᠩ ᠨᠡᠭᠦᠷᠡᠰᠦ ᠤᠬᠢᠶᠠᠬᠤ ᠦᠢᠯᠡᠳᠪᠤᠷᠢ ᠳᠤ ᠬᠦᠷᠴᠦ ᠨᠡᠭᠦᠷᠡᠰᠦ ᠰᠠᠪᠠᠯᠠᠪᠠ︔ 19᠄ 20 ᠣᠷᠴᠢᠮ ᠦᠬᠠᠶ ᠬᠤᠲᠠ ᠶᠢᠨ  ᠬᠠᠶᠢᠷᠤᠪ ᠤᠨ ᠲᠤᠬᠤᠢ ᠲᠣᠭᠤᠷᠢᠭ ᠤᠨ ᠬᠤᠭᠤᠯᠠᠨ ᠭᠡᠷ ᠲᠤ ᠬᠤᠭᠤᠯᠠ ᠢᠳᠡᠵᠡᠢ ︵ᠳᠡᠯᠭᠡᠭᠦᠷ ᠤᠨ ᠨᠡᠷ᠎ᠡ ᠲᠣᠳᠣᠷᠬᠠᠶ ᠥᠬᠡᠶ᠂ ᠲᠣᠭᠠᠴᠠᠭ᠎ᠠ  ᠬᠢᠭᠰᠡᠨ ᠸᠢᠴᠠᠲ ᠤᠨ ᠨᠡᠷ᠎ᠡ ᠨᠢ ᠰᠢᠶᠤᠤ ᠪᠢᠶᠡᠨ︶︔ 22᠄ 07᠎ ᠳᠤ ᠦᠬᠠᠶ ᠬᠤᠲᠠ ᠶᠢᠨ ᠦ᠋ ᠹᠦ᠋ ᠬᠡᠢ ᠨᠡᠮᠡᠬᠦ ᠥᠷᠲᠡᠭᠡᠨ ᠠᠴᠠ ᠬᠡᠢ ᠨᠡᠮᠡᠵᠡᠢ᠃    10 ᠰᠠᠷ᠎ᠠ ᠶᠢᠨ 19᠎ ᠤ ᠡᠳᠦᠷ ᠤᠨ 00᠄ 30 ᠴᠠᠭ ᠲᠤ ᠠᠯᠠᠱᠠ ᠵᠡᠭᠦᠨ ᠬᠤᠰᠢᠭᠤᠨ ᠤ ᠬᠠᠯᠠᠭᠤᠨ ᠡᠨᠧᠷᠭᠢ ᠶᠢᠨ ᠺᠣᠮᠫᠠᠨᠢ ᠳᠤ ᠬᠦᠷᠴᠦ᠂ ᠲᠡᠷᠭᠡᠨ ᠳᠣᠲᠣᠷ᠎ᠠ ᠪᠠᠨ ᠬᠤᠨᠣᠭᠯᠠᠪᠠ︔ 8᠄ 00 ᠴᠠᠭ ᠲᠤ ᠠᠯᠠᠱᠠ ᠵᠡᠭᠦᠨ ᠬᠤᠰᠢᠭᠤᠨ ᠤ ᠬᠠᠯᠠᠭᠤᠨ ᠡᠨᠧᠷᠭᠢ ᠶᠢᠨ ᠺᠣᠮᠫᠠᠨᠢ ᠳᠤ ᠨᠡᠭᠦᠷᠡᠰᠦ ᠪᠠᠨ ᠪᠠᠭᠤᠯᠭᠠᠵᠡᠢ ︵ᠨᠡᠭᠦᠷᠡᠰᠦ ᠪᠠᠭᠤᠯᠭᠠᠬᠤ ᠵᠣᠭᠤᠰ ᠢ ᠳᠦᠯᠦᠭᠰᠡᠨ ᠸᠢᠴᠠᠲ ᠤᠨ ᠨᠡᠷ᠎ᠡ ᠨᠢ ᠯᠢ ᠣᠪᠣᠭᠲᠤ︶︔ 10᠄ 27 ᠴᠠᠭ ᠲᠤ ᠲᠦᠷᠢᠶᠡᠰᠦᠨ ᠮᠠᠰᠢᠨ ᠲᠡᠷᠭᠡᠨ ᠳᠤ ᠰᠠᠭᠤᠵᠤ ᠠᠯᠠᠱᠠ ᠵᠡᠭᠦᠨ ᠬᠤᠰᠢᠭᠤᠨ ᠤ ᠬᠡᠷ ᠲᠡᠭᠡᠨ ᠬᠠᠷᠢᠵᠤ ᠠᠮᠠᠷᠠᠪᠠ ︵ᠲᠡᠷᠭᠡᠨ ᠨᠣᠮᠧᠷ᠄ ᠮᠸᠡᠭ MY 07776᠂ ᠲᠣᠭᠠᠴᠠᠭ᠎ᠠ ᠬᠢᠭᠰᠡᠨ ᠸᠢᠴᠠᠲ ᠤᠨ ᠨᠡᠷ᠎ᠡ ᠨᠢ ᠰᠢ ᠶᠠᠩ ᠬᠤᠨᠭ᠌︶︔ 16᠄ 45 ᠴᠠᠭ ᠲᠤ ᠶᠠᠪᠠᠭᠠᠨ ᠢᠶᠠᠷ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠭᠤᠷᠪᠠᠳᠤᠭᠠᠷ ᠬᠥᠭᠦᠷᠭᠡ ᠶᠢᠨ ᠵᠡᠭᠦᠨ ᠲᠠᠯ᠎ᠠ ᠶᠢᠨ ᠸᠧᠶ ᠺᠠᠩ ᠡᠮ ᠤᠨ ᠳᠡᠯᠭᠡᠭᠦᠷ ᠲᠤ ᠬᠦᠷᠴᠦ ᠡᠮ ᠬᠤᠳᠠᠯᠳᠤᠨ ᠠᠪᠤᠪᠠ︔ 17᠄ 00 ᠴᠠᠭ ᠲᠤ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠢᠶᠠᠨ ᠺᠠᠩ  ᠬᠤᠸᠠ ᠶᠤᠸᠠᠨ ᠨᠡᠶᠢᠭᠡᠮ ᠲᠣᠭᠤᠷᠢᠭ ᠲᠤ ᠬᠦᠷᠴᠦ ᠮᠡᠳᠡᠭᠦᠯᠦᠨ ᠳᠠᠩᠰᠠᠯᠠᠭᠤᠯᠪᠠ︔ 18᠄ 52 ᠴᠠᠭ ᠲᠤ ᠠᠯᠠᠱᠠ ᠵᠡᠭᠦᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠬᠡᠬᠡᠳ ︵ᠪᠥᠬᠦ ᠶᠠᠪᠤᠴᠠ ᠳᠤ ᠠᠮᠠᠪᠴᠢ ᠵᠡᠬᠦᠵᠡᠢ︶ ᠬᠡᠷ ᠲᠡᠭᠡᠨ ᠬᠠᠷᠢᠵᠦ ᠭᠠᠳᠠᠭᠰᠢ ᠭᠠᠷᠤᠭᠰᠠᠨ ᠥᠬᠡᠶ᠃    10 ᠰᠠᠷ᠎ᠠ ᠶᠢᠨ 20᠎ ᠤ ᠡᠳᠦᠷ ᠤᠨ 4᠄ 32 ᠴᠠᠭ ᠲᠤ ᠠᠯᠠᠱᠠ ᠵᠡᠭᠦᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ ᠲᠣᠬᠢᠷᠠᠭᠤᠯᠵᠤ ᠲᠡᠭᠦᠨ ᠢ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠲᠥᠪᠯᠡᠷᠡᠭᠦᠯᠦᠨ ᠲᠤᠰᠠᠭᠠᠷᠯᠠᠬᠤ ᠴᠡᠭ ᠲᠤ ᠰᠢᠯᠵᠢᠭᠦᠯᠪᠡ︔ 15᠄ 30 ᠴᠠᠭ ᠲᠤ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠶᠢᠨ ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ ᠲᠣᠬᠢᠷᠠᠭᠤᠯᠵᠤ ᠲᠡᠭᠦᠨ ᠢ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠡᠮᠨᠡᠨ ᠵᠠᠰᠠᠭᠤᠯᠪᠠ᠃    ᠣᠳᠣᠬᠠᠨ ᠳᠤ᠂ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠤᠯᠤᠰ ᠤᠨ ᠳᠣᠲᠣᠭᠠᠳᠤ ᠶᠢᠨ ᠣᠯᠠᠨ ᠮᠤᠵᠢ ᠣᠷᠣᠨ ᠳᠤ ᠲᠤᠬᠠᠶ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ ᠭᠠᠷᠴᠠᠶ᠃ ᠬᠢᠵᠢᠭ ᠤᠨ ᠪᠠᠶᠢᠳᠠᠯ ᠢ ᠨᠡᠩ ᠪᠦᠲᠦᠮᠵᠢᠲᠡᠢ ᠰᠡᠷᠭᠡᠶᠢᠯᠡᠨ ᠡᠵᠡᠮᠳᠡᠬᠦ ᠶᠢᠨ ᠲᠥᠯᠥᠭᠡ᠂ ᠠᠳᠡ ᠰᠠᠭᠤᠭᠠᠯᠢ ᠠᠷᠠᠳ ᠲᠤ ᠰᠠᠨᠠᠭᠤᠯᠬᠤ ᠨᠢ᠄    ᠨᠢᠭᠡ ᠳᠤ᠂ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ ᠲᠣᠰ ᠡᠪᠡᠳᠴᠢᠨ ᠤ ᠵᠢᠱᠢᠶ᠎ᠡ ᠶᠢᠨ ᠠᠵᠢᠯᠯᠠᠭᠠᠨ ᠵᠠᠮ ᠮᠥᠷ ᠲᠠᠢ ᠰᠤᠯᠪᠢᠴᠠᠭᠰᠠᠨ ᠬᠥᠮᠦᠰ ᠪᠠᠶᠢᠪᠠᠯ᠂ ᠲᠡᠷᠡ ᠳᠠᠷᠤᠶ ᠳᠤᠨᠢ ᠪᠠᠶᠢᠭ᠎ᠠ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠬᠡᠴᠢ ᠳᠡᠭᠡᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠰᠠᠭᠤᠭᠠᠯᠢ ᠠᠷᠠᠳ ᠨᠠᠷ  ᠬᠠᠮᠵᠢᠯᠴᠠᠨ᠂  ᠬᠢᠵᠢᠭ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠰᠠᠶᠢᠲᠤᠷ ᠬᠢᠭᠡᠷᠡᠶ᠃     ᠬᠤᠶᠠᠷ ᠲᠤ᠂ ᠡᠷᠡᠭᠦᠯ ᠮᠡᠨᠳᠦ ᠶᠢᠨ ᠠᠵᠢᠭᠯᠠᠯᠲᠠ ᠬᠢᠬᠡᠷᠡᠢ᠃ ᠰᠠᠭᠤᠭᠠᠯᠢ ᠠᠷᠠᠳ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ ᠴᠠᠭ ᠲᠤᠬᠠᠶ ᠳᠤᠨᠢ ᠠᠮᠠᠪᠴᠢ ᠵᠡᠭᠦᠵᠦ ᠬᠠᠯᠠᠭᠤᠷᠠᠯ ᠤᠨ ᠡᠭᠦᠳᠡᠨ ᠡᠮᠨᠡᠯᠭᠡ ᠲᠠᠢ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠦᠭᠡᠷᠡᠶ᠃     ᠭᠤᠷᠪᠠ ᠳᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠡᠷᠡᠢ᠃ ᠬᠤᠷᠠᠵᠦ ᠴᠤᠭᠯᠠᠷᠠᠬᠤ ᠥᠬᠡᠶ᠂ ᠠᠮᠠᠪᠴᠢ ᠵᠡᠬᠦᠵᠦ᠂ ᠭᠠᠷ ᠢᠶᠠᠨ ᠦᠷᠭᠦᠯᠵᠢ ᠤᠬᠢᠶᠠᠵᠦ᠂ ᠰᠠᠯᠬᠢ ᠢᠯᠡᠭᠦᠬᠡᠨ ᠨᠡᠪᠲᠡᠷᠡᠭᠦᠯᠬᠦ ᠶᠢ ᠪᠡᠶᠡᠯᠡᠭᠦᠯᠵᠦ᠂ ︽1 ᠮᠧᠲᠷ ᠤᠨ ᠱᠤᠭᠤᠮ︾᠎ ᠤᠨ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠸᠠᠺᠼᠢᠨ ᠤ  ᠳᠠᠷᠢᠯᠭ᠎ᠠ ᠶᠢ ᠡᠷᠲᠡᠬᠡᠨ ᠳᠠᠷᠢᠭᠠᠷᠠᠢ᠃    ᠳᠠᠭᠠᠯᠳᠤᠭᠤᠯᠤᠯ᠄ ᠠᠯᠠᠱᠠ ᠠᠶᠢᠮᠠᠭ ᠵᠢᠴᠢ ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠷᠢᠯᠴᠠᠬᠤ ᠤᠲᠠᠰᠤ᠄    ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0483— 8336105    ᠠᠯᠠᠱᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0483— 8582006    ᠠᠯᠠᠱᠠ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0483— 2289018    ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0483— 8222360    ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ᠄ 0483— 8222678    ᠠᠯᠠᠱᠠ ᠵᠡᠭᠦᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0483— 822244                       ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                                       2021 ᠣᠨ ᠤ 10 ᠳ᠋ᠤᠭᠠᠷ ᠰᠠᠷ᠎ᠠ ᠶᠢᠨ 21᠎ ᠤ ᠡᠳᠦᠷ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号