ᠪᠠᠶᠠᠨᠬᠤᠳᠠ ᠶᠢᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠬᠠᠩᠭᠠᠯᠭ᠎ᠠ ᠬᠦᠢᠴᠡᠳ ᠪᠠᠶᠢᠨ᠎ᠠ
ᠨᠡᠶᠢᠲᠡᠯᠡᠭᠰᠡᠨ ᠴᠠᠭ᠄
2021/10/24
            ᠠᠯᠠᠱᠠ ᠵᠡᠬᠦᠨ ᠬᠤᠰᠢᠭᠤᠨ ᠤ ᠠᠵᠦ ᠤᠶᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠤᠪᠴᠢᠶ᠎ᠠ ᠠᠴᠠ ᠤᠶᠢᠯᠠᠭᠠᠭᠰᠠᠨ ᠢᠶᠠᠷ ᠪᠠᠶᠠᠨᠬᠤᠳᠠ ᠪᠠᠯᠭᠠᠰᠤᠨ ᠤ ᠵᠠᠬ᠎ᠠ ᠲᠡᠯᠬᠡᠬᠦᠷ ᠤᠨ ᠢᠳᠡᠭᠡᠨ ᠤᠮᠳᠠᠭᠠᠨ᠂ ᠡᠳ᠋ ᠪᠤᠳᠠᠰ ᠤᠨ ᠬᠠᠩᠭᠠᠯᠭ᠎ᠠ ᠬᠦᠢᠴᠡᠳ ᠪᠠᠶᠢᠵᠦ᠂ ᠪᠠᠷᠠᠭᠠᠨ ᠤ ᠦᠨ᠎ᠡ ᠬᠠᠩᠰᠢ ᠴᠤ ᠲᠤᠭᠳᠠᠭᠤᠨ ᠢᠶᠠᠨ ᠪᠠᠳᠤᠯᠠᠵᠦ ᠪᠠᠶᠢᠨ᠎ᠠ᠃     10 ᠰᠠᠷ᠎ᠠ ᠶᠢᠨ 21᠎ ᠤ ᠡᠳᠦᠷ᠂ ᠰᠤᠷᠪᠤᠯᠵᠢᠯᠠᠭᠴᠢ ᠪᠠᠶᠠᠨᠬᠤᠳᠠ ᠪᠠᠯᠭᠠᠰᠤᠨ ᠤ ᠸᠠᠨ ᠰᠢᠶᠠᠩ ᠴᠧᠩ ᠳᠠᠬᠢ ᠰᠢᠨ ᠯᠢᠶᠡᠨ ᠰᠢᠨ ᠬᠡᠳᠦ ᠲᠡᠯᠭᠡᠬᠦᠷ ᠲᠤ ᠬᠦᠷᠬᠦ ᠳᠤ ᠢᠳᠡᠭᠡᠨ ᠤᠮᠳᠠᠭᠠᠨ᠂ ᠡᠳᠦᠷ ᠲᠤᠳᠤᠮ ᠤᠨ ᠭᠡᠷᠡᠭᠯᠡᠭᠡᠨ ᠤ ᠲᠠᠯᠪᠢᠭᠤᠷ ᠲᠤ ᠡᠳ᠋ ᠪᠠᠷᠠᠭ᠎ᠠ ᠲᠦᠬᠦᠷᠡᠩ ᠦᠷᠦᠭᠳᠡᠵᠦ᠂ ᠡᠯ᠎ᠡ ᠲᠡᠮᠳᠡᠭᠳᠦ ᠬᠦᠨᠡᠰᠦ ᠲᠤᠳᠤᠷᠭ᠎ᠠ᠂ ᠲᠤᠰᠤ᠂ ᠲᠦᠬᠦᠮ ᠬᠤᠭᠤᠯᠠ᠂ ᠮᠢᠬ᠎ᠠ᠂ ᠦᠨᠳᠡᠭᠡ ᠵᠡᠷᠭᠡ ᠲᠦᠷᠦᠯ ᠵᠦᠢᠯ ᠪᠦᠷᠢᠨ ᠲᠠᠯᠪᠢᠭᠤᠷ ᠲᠦᠬᠦᠷᠡᠩ ᠬᠠᠷᠠᠭᠳᠠᠵᠦ ᠪᠠᠶᠢᠯ᠎ᠠ᠃ ᠲᠠᠯᠪᠢᠭᠤᠷ ᠪᠤᠯᠭᠠᠨ ᠲᠡᠭᠡᠷ᠎ᠡ ᠪᠤᠳᠠᠳᠠᠢ ᠦᠨ᠎ᠡ ᠬᠠᠳᠠᠵᠦ᠂ ᠬᠡᠷᠡᠭᠯᠡᠭᠴᠢᠳ ᠠᠮᠠᠪᠴᠢ ᠪᠠᠨ ᠵᠡᠬᠦᠬᠡᠳ ᠡᠮᠬᠢ ᠲᠢᠭᠯᠢᠮ ᠲᠠᠢ ᠪᠠᠷ ᠪᠠᠷᠠᠭ᠎ᠠ ᠪᠠᠨ ᠰᠤᠩᠭᠤᠨ ᠠᠪᠴᠠᠭᠠᠵᠦ ᠪᠠᠶᠢᠯ᠎ᠠ᠃     ᠠᠯᠠᠱᠠ ᠵᠡᠬᠦᠨ ᠬᠤᠰᠢᠭᠤᠨ ᠤ ᠠᠵᠦ ᠤᠶᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠤᠪᠴᠢᠶ᠎ᠠ ᠶᠢᠨ ᠪᠦᠷᠢᠳᠭᠡᠭᠰᠡᠨ ᠢᠶᠠᠷ᠂ 20᠎ ᠤ ᠡᠳᠦᠷ ᠪᠤᠯᠳᠠᠯ᠎ᠠ ᠪᠠᠶᠠᠨᠬᠤᠳᠠ ᠶᠢᠨ 1 ᠨᠤᠭᠤᠭ᠎ᠠ ᠵᠢᠮᠢᠰ ᠢ ᠪᠦᠭᠡᠮ ᠢᠶᠠᠷ ᠪᠤᠷᠤᠯᠠᠭᠤᠯᠬᠤ ᠲᠡᠯᠬᠡᠬᠦᠷ᠂ 6 ᠲᠤᠮᠤ ᠬᠡᠪᠴᠢᠶᠡᠨ ᠤ ᠬᠡᠳᠦ ᠲᠡᠯᠭᠡᠬᠦᠷ ᠤᠨ ᠨᠦᠬᠡᠴᠡᠯᠡᠭᠰᠡᠨ ᠲᠦᠬᠦᠮ ᠭᠤᠯᠢᠷ ᠪᠠᠷᠤᠭ 13.2 ᠲᠦᠮᠡᠨ ᠤᠭᠤᠳᠠ ︵ᠰᠠᠪᠠ︶︔ ᠨᠦᠬᠡᠴᠡᠯᠡᠭᠰᠡᠨ ᠯᠤᠩᠬᠤ ᠲᠠᠢ ᠤᠰᠤ ᠪᠠᠷᠤᠭ 28.1 ᠲᠦᠮᠡᠨ ᠯᠤᠩᠬᠤ︔ ᠬᠢᠮ᠎ᠠ 3.3 ᠲᠦᠮᠡᠨ ᠰᠢᠷᠭᠡᠭ︔ ᠲᠤᠳᠤᠷᠭ᠎ᠠ᠂ ᠭᠤᠯᠢᠷ ᠤᠨ ᠬᠠᠳᠠᠭᠠᠯᠠᠭᠳᠠᠴᠠ 93 ᠲᠤᠨ᠂ ᠨᠤᠭᠤᠭ᠎ᠠ ᠵᠢᠮᠢᠰ ᠤᠨ ᠡᠳᠦᠷ ᠪᠦᠷᠢ ᠶᠢᠨ ᠤᠷᠤᠭᠤᠯᠬᠤ ᠬᠡᠮᠵᠢᠶ᠎ᠠ 57.37 ᠲᠤᠨ᠂ ᠨᠦᠭᠡᠴᠡᠯᠡᠭᠰᠡᠨ ᠬᠡᠮᠵᠢᠶ᠎ᠡ 4.21 ᠲᠤᠨ︔ ᠬᠤᠰᠢᠭᠤᠨ ᠤ ᠬᠦᠢᠳᠡᠨ ᠬᠦᠮᠦᠷᠭᠡ ᠶᠢᠨ ᠭᠠᠭ᠋ᠠᠢ ᠶᠢᠨ ᠮᠢᠬ᠎ᠠ ᠶᠢᠨ ᠨᠦᠬᠡᠴᠡᠯᠡᠭᠰᠡᠨ ᠬᠡᠮᠵᠢᠶ᠎ᠡ 16 ᠲᠤᠨ ᠠᠴᠠ ᠲᠡᠭᠡᠭᠰᠢ᠂ ᠢᠳᠡᠭᠡᠨ ᠤ ᠲᠤᠰᠤ 18.28 ᠲᠤᠨ᠂ ᠢᠳᠡᠭᠡᠨ ᠤ ᠲᠠᠪᠤᠰᠤ 3.74 ᠲᠤᠨ ᠪᠡᠯᠡᠳᠭᠡᠯ ᠎ ᠲᠠᠢ ᠪᠤᠢ᠃       ᠠᠯᠠᠱᠠ ᠵᠡᠬᠦᠨ ᠬᠤᠰᠢᠭᠤᠨ ᠤ ᠺᠠᠢ ᠶᠤᠸᠠᠨ ᠬᠡᠳᠦ ᠲᠡᠯᠬᠡᠬᠦᠷ ᠤᠨ ᠲᠠᠷᠤᠭ᠎ᠠ ᠯᠢᠦ ᠯᠢ ᠯᠢ᠄ ︽ᠤᠳᠤᠬᠠᠨ ᠎ ᠳᠤ ᠮᠠᠨ ᠤ ᠲᠡᠯᠬᠡᠬᠦᠷ ᠤᠨ ᠮᠢᠬ᠎ᠠ ᠲᠤᠰᠤ᠂ ᠬᠦᠨᠠᠰᠦ ᠲᠤᠳᠤᠷᠭ᠎ᠠ ᠵᠢᠴᠢ ᠪᠤᠰᠤᠳ ᠢᠳᠡᠭᠡᠨ ᠤ ᠵᠤᠶᠢᠯᠡᠰ ᠪᠦᠷ ᠬᠠᠩᠭᠠᠯᠭ᠎ᠠ ᠬᠦᠢᠴᠡᠳ ᠪᠠᠶᠢᠨ᠎ᠠ᠃ ᠢᠳᠡᠰᠢᠨ ᠨᠤᠭᠤᠭ᠎ᠠ ᠶᠢ ᠴᠤ ᠭᠠᠳᠠᠨ᠎ᠠ ᠠᠴᠠ ᠴᠠᠭ ᠢ ᠠᠮᠵᠢᠭᠤᠯᠤᠨ ᠤᠷᠤᠭᠤᠯᠵᠦ ᠪᠤᠢ᠃ ᠦᠨ᠎ᠡ ᠬᠠᠩᠰᠢ ᠶᠢᠨ ᠲᠠᠯ᠎ᠠ ᠪᠠᠷ ᠠᠯᠢ ᠴᠤ ᠡᠳ᠋ ᠪᠠᠷᠠᠭ᠎ᠠ ᠨᠢ ᠬᠢᠵᠢᠭ ᠡᠪᠡᠳᠴᠢᠨ ᠤ ᠪᠠᠶᠢᠳᠠᠯ ᠎ ᠠᠴᠠ ᠪᠤᠯᠵᠦ ᠬᠡᠯᠪᠡᠯᠵᠡᠯᠳᠡ ᠭᠠᠷᠬᠤ ᠪᠤᠯᠤᠮᠵᠢ ᠦᠭᠡᠢ᠃ ᠢᠳᠡᠰᠢᠨ ᠨᠤᠭᠤᠭ᠎ᠠ ᠨᠢ ᠵᠠᠬ᠎ᠠ ᠲᠡᠯᠬᠡᠬᠦᠷ ᠤᠨ ᠪᠠᠶᠢᠳᠠᠯ᠂ ᠤᠯᠠᠷᠢᠯ ᠰᠤᠯᠢᠭᠰᠠᠨ ᠪᠠᠶᠢᠳᠠᠯ ᠠᠴᠠ ᠪᠠᠭ᠎ᠠ ᠬᠡᠮᠵᠢᠶᠡᠨ ᠤ ᠲᠤᠬᠢᠷᠠᠭᠤᠯᠤᠯᠳᠠ ᠭᠠᠷᠬᠤ ᠪᠤᠯᠤᠮᠵᠢ ᠪᠠᠶᠢᠪᠠᠴᠤ ᠦᠩᠭᠡᠷᠡᠭᠰᠡᠨ ᠵᠢᠯ ᠲᠠᠢ ᠬᠠᠷᠢᠴᠠᠭᠤᠯᠪᠠᠯ ᠲᠡᠮᠡᠢ ᠶᠡᠭᠡ ᠬᠤᠪᠢᠷᠠᠯᠳᠠ ᠭᠠᠷᠬᠤ ᠦᠭᠡᠢ︾ ᠬᠡᠵᠦ ᠰᠤᠷᠪᠤᠯᠵᠢᠯᠠᠭᠴᠢ ᠳᠤ ᠶᠠᠷᠢᠯ᠎ᠠ᠃       ᠲᠠᠷᠠᠭ᠎ᠠ ᠠᠯᠬᠤᠮ ᠳᠤ ᠠᠯᠠᠱᠠ ᠵᠡᠬᠦᠨ ᠬᠤᠰᠢᠭᠤᠨ ᠤ ᠠᠵᠦ ᠤᠶᠢᠯᠡᠳᠪᠦᠷᠢ ᠪᠠ ᠮᠡᠳᠡᠭᠡ ᠵᠠᠩᠬᠢᠴᠢᠯᠠᠯᠳᠠ ᠎ ᠶᠢᠨ ᠲᠤᠪᠴᠢᠶ᠎ᠠ ᠦᠷᠬᠦᠯᠵᠢᠯᠡᠨ ᠲᠤᠮᠤ ᠬᠡᠪᠴᠢᠶᠡᠨ ᠤ ᠲᠡᠯᠭᠡᠬᠦᠷ ᠤᠨ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠵᠢᠴᠢ ᠰᠠᠭᠤᠭᠠᠯᠢ ᠠᠷᠠᠳ ᠤᠨ ᠡᠳᠦᠷ ᠲᠤᠳᠤᠮ ᠤᠨ ᠭᠡᠷᠡᠭᠯᠡᠭᠡᠨ ᠤ ᠵᠤᠶᠢᠯᠡᠰ ᠤᠨ ᠬᠠᠩᠭᠠᠯᠭ᠎ᠠ ᠶᠢᠨ ᠠᠵᠢᠯ ᠢ ᠰᠠᠶᠢᠳᠤᠷ ᠠᠳᠬᠤᠵᠦ᠂ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠪᠡᠶᠡᠯᠡᠬᠦᠯᠬᠦ ᠶᠢᠨ ᠲᠠᠭᠠᠤ ᠎ ᠳᠤ ᠪᠦᠬᠦ ᠠᠶᠢᠮᠠᠭ ᠲᠤ ᠡᠳ᠋ ᠪᠤᠳᠠᠰ ᠤᠨ ᠬᠠᠩᠭᠠᠯᠭ᠎ᠠ ᠬᠡᠷᠡᠭᠴᠡᠭᠡ ᠶᠢᠨ ᠲᠠᠯ᠎ᠠ ᠶᠢᠨ ᠵᠦᠷᠢᠴᠡᠯ ᠡᠬᠦᠰᠬᠡᠬᠦ ᠦᠭᠡᠢ ᠪᠠᠶᠢᠬᠤ ᠶᠢ ᠪᠠᠳᠤᠯᠠᠬᠤ ᠪᠠᠷ ᠴᠢᠷᠮᠠᠶᠢᠨ ᠠᠵᠢᠯᠯᠠᠬᠤ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号