ᠭᠤᠸ᠎ᠠ | 10 ᠰᠠᠷ᠎ᠠ ᠶᠢᠨ 23 ᠤ ᠡᠳᠦᠷ᠂ ᠮᠠᠨ ᠤ ᠠᠶᠢᠮᠠᠭ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ | ᠰᠡᠷᠭᠡᠶᠢᠯᠡᠨ ᠡᠵᠡᠮᠳᠡᠬᠦ ᠠᠵᠢᠯ ᠤᠨ ᠭᠤᠷᠪᠠᠳᠤᠭᠠᠷ ᠳᠠᠯᠠᠪᠤᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ | ᠠᠯᠠᠱᠠ ᠠᠶᠢᠮᠠᠭ ᠤᠨ ᠬᠢᠵᠢᠭ ᠤᠨ ᠲᠦᠢᠮᠣ ᠪᠠᠶᠢᠳᠠᠯ ᠪᠣᠯᠤᠨ ᠪᠦᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠤᠯᠠᠨ ᠲᠦᠮᠡᠨ ᠪᠣᠯᠤᠨ ᠰᠦᠯᠵᠢᠶᠡᠨ | ᠢᠷᠭᠡᠳ ᠤᠨ ᠠᠩᠬᠠᠷᠴᠤ ᠪᠠᠶᠢᠭ᠎ᠠ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠪᠠ᠃ | ᠵᠠᠷᠯᠠᠯ ᠳᠤ᠂ 2021 ᠣᠨ ᠤ 10 ᠰᠠᠷ᠎ᠠ ᠶᠢᠨ 18 ᠤ ᠡᠳᠦᠷ᠂ ᠭᠠᠳᠠᠷ ᠮᠤᠵᠢ ᠶᠢᠨ ᠵᠢᠭᠤᠯᠴᠢᠯᠠᠭᠴᠢ ᠶᠠᠨ | ᠣᠪᠣᠭᠲᠤ᠂ ᠵᠢᠶᠠᠩ ᠣᠪᠣᠭᠲᠤ ᠶᠢᠨ ᠨᠢᠭᠲᠠ ᠣᠶᠢᠷᠠᠲᠤᠭᠰᠠᠳ ᠤᠨ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠳᠤ 5 ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠠᠷᠭ᠎ᠠ ᠴᠢᠨᠠᠷᠲᠠᠶ ᠪᠠᠶᠢᠬᠤ ᠶᠢ ᠣᠯᠵᠤ | ᠮᠡᠳᠡᠭᠰᠡᠡ ᠠᠴᠠ 10 ᠰᠠᠷ᠎ᠠ ᠶᠢᠨ 23 ᠤ ᠡᠳᠦᠷ ᠤᠨ 7᠄ 00 ᠴᠠᠭ ᠪᠣᠯᠲᠠᠯ᠎ᠠ᠂ ᠠᠯᠠᠱᠠ ᠠᠶᠢᠮᠠᠭ ᠤᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ ᠢ ᠨᠡᠶᠢᠲᠡ 25 ᠮᠡᠳᠡᠭᠦᠯᠪᠡ᠂ | ᠡᠭᠦᠨ ᠳᠤ ᠡᠵᠡᠨ᠎ᠡ ᠬᠤᠰᠢᠭᠤᠨ ᠤ ᠣᠨᠣᠰᠢᠯᠠᠭᠳᠠᠭᠰᠠᠨ ᠡᠪᠡᠳᠴᠢᠲᠡᠨ ᠨᠡᠶᠢᠲᠡ 24᠃ 23 ᠤ ᠡᠳᠦᠷ ᠤᠨ 11᠄ | 00 ᠴᠠᠭ ᠪᠣᠯᠲᠠᠯ᠎ᠠ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠬᠤᠶᠠᠳᠤᠭᠠᠷ ᠤᠳᠠᠭᠠᠨ ᠤ ᠪᠥᠬᠦ | ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ 121232 ᠬᠥᠮᠦᠨ ᠤᠷᠤᠯᠴᠠᠵᠤ᠂ ᠦᠷ᠎ᠡ | ᠳ᠋ᠦᠩ ᠨᠢ ᠴᠥᠮ ᠪᠢᠯᠢᠭ ᠴᠢᠨᠠᠷᠲᠠᠶ ᠪᠠᠶᠢᠪᠠ︔ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠪᠠᠯᠭᠠᠰᠤᠨ ᠤ | ᠨᠢᠭᠡᠳᠦᠭᠡᠷ ᠤᠳᠠᠭᠠᠨ ᠤ ᠪᠦᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ 15676 ᠬᠥᠮᠦᠨ | ᠣᠷᠣᠯᠴᠠᠵᠤ᠂ ᠦᠷ᠎ᠡ ᠳ᠋ᠦᠩ ᠨᠢ ᠪᠦᠷ ᠪᠢᠯᠢᠭ ᠴᠢᠨᠠᠷ ᠲᠠᠢ︔ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠠᠰ ᠤᠨ ᠨᠡᠭᠡᠭᠡᠯᠳᠠ ᠶᠢᠨ ᠤᠷᠤᠠ ᠤ ᠠᠩᠬᠠᠳᠤᠭᠠᠷ ᠤᠳᠠᠭᠠᠨ ᠤ ᠪᠥᠬᠦ ᠠᠵᠢᠯᠲᠠᠨ ᠤ ᠪᠥᠭᠡᠮ ᠬᠦᠴᠢᠯ ᠤᠨ | ᠪᠠᠶᠢᠴᠠᠭᠠᠯᠳᠠ ᠳᠤ 36241 ᠬᠥᠮᠦᠨ ᠣᠷᠣᠯᠴᠠᠵᠤ᠂ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠠᠶᠢᠪᠠ︔ | ᠬᠤᠶᠡᠷᠬᠤᠳᠳᠤᠭ ᠤᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠠᠩᠬᠠᠳᠤᠭᠠᠷ | ᠤᠳᠠᠭᠠᠨ ᠤ ᠪᠥᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠯᠳᠡ ᠳᠤ 16212 ᠬᠥᠮᠦᠨ ᠣᠷᠣᠯᠴᠠᠵᠤ᠂ ᠦᠷ᠎ᠡ | ᠳ᠋ᠦᠩ ᠨᠢ ᠴᠥᠮ ᠪᠢᠯᠢᠭ ᠴᠢᠨᠠᠷᠲᠠᠶ ᠪᠠᠶᠢᠪᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠠ᠂ ᠡᠵᠡᠨ᠎ᠡ ᠬᠤᠰᠢᠭᠤᠨ ᠤ ᠣᠳᠣᠬᠠᠨ ᠤ ᠨᠡᠶᠢᠭᠡᠮ ᠤᠨ ᠬᠠᠮᠢᠶᠠᠷᠤᠨ | ᠡᠵᠠᠮᠳᠠᠵᠤ ᠪᠠᠶᠢᠭ᠎ᠠ ᠠᠷᠭ᠎ᠠ ᠬᠡᠮᠵᠢᠶ᠎ᠡ᠂ ᠡᠵᠡᠨ᠎ᠡ ᠬᠤᠰᠢᠭᠤᠨ ᠤ ᠭᠤᠷᠪᠠᠳᠤᠭᠠᠷ ᠡᠭᠡᠯᠵᠢ ᠶᠢᠨ ᠪᠥᠬᠦ ᠠᠵᠢᠯᠲᠠᠨ ᠤ | ᠪᠦᠭᠡᠮ ᠬᠦᠴᠢᠯ ᠤᠨ ᠰᠢᠯᠭᠠᠠ ᠪᠠᠶᠢᠴᠠᠭᠠᠯᠳᠡ ᠬᠢᠭᠰᠡᠨ ᠪᠠᠶᠢᠳᠠᠯ᠂ ᠡᠵᠡᠨ᠎ᠡ ᠬᠤᠰᠢᠭᠤᠨ ᠳᠤ ᠬᠤᠴᠤᠷᠤᠭᠰᠠᠠ | ᠵᠢᠭᠤᠯᠴᠢᠳ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠵᠡᠨ᠎ᠡ ᠬᠤᠰᠢᠭᠤᠨ ᠤ | ᠣᠲᠣ ᠣᠨᠣᠰᠢᠯᠠᠭᠳᠠᠭᠰᠠᠨ ᠡᠪᠡᠳᠴᠢᠲᠡᠨ ᠢ ᠠᠪᠤᠷᠠᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠵᠡᠷᠭᠡ | ᠠᠰᠠᠭᠤᠳᠠᠯ ᠤᠨ ᠲᠤᠬᠠᠶ ᠬᠠᠷᠢᠭᠤᠯᠲᠠ ᠥᠭᠴᠡᠢ᠃ | ᠰᠤᠷᠪᠤᠯᠵᠢᠯᠠᠭᠴᠢ᠄ ᠣᠳᠣᠬᠠᠨ ᠳᠤ ᠡᠵᠡᠨ᠎ᠡ ᠨᠢᠭᠡᠨᠲᠡ 24 ᠣᠨᠣᠰᠢᠯᠠᠭᠰᠠᠨ ᠡᠪᠡᠳᠴᠢᠨ ᠤ ᠵᠢᠱᠢᠶ᠎ᠠ ᠶᠢ ᠮᠡᠳᠡᠭᠦᠯᠪᠡ᠃ | ᠣᠳᠣᠬᠠᠨ ᠳᠤ ᠶᠠᠮᠡᠷ ᠨᠡᠶᠢᠭᠡᠮ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠶᠢ ᠬᠡᠷᠡᠭᠵᠢᠭᠦᠯᠤᠨ ᠬᠢᠵᠢᠭ ᠤᠨ | ᠳᠠᠷᠬᠠᠨ ᠳᠡᠯᠭᠡᠷᠡᠬᠦ ᠶᠢ ᠰᠡᠷᠭᠡᠶᠢᠯᠡᠵᠦ ᠪᠠᠶᠢᠬᠤ ᠪᠣᠶ︖ | ᠬᠠᠷᠢᠭᠤᠯᠲᠠ᠄ 10 ᠰᠠᠷ᠎ᠠ ᠶᠢᠨ 23 ᠤ ᠡᠳᠦᠷ ᠪᠣᠯᠲᠠᠯ᠎ᠠ᠂ ᠡᠵᠡᠨ᠎ᠡ ᠬᠤᠰᠢᠭᠤᠨ ᠤ ᠳᠣᠲᠣᠯᠠᠭᠰᠠᠨ ᠡᠪᠡᠳᠴᠢᠨ ᠤ | ᠵᠢᠱᠢᠶ᠎ᠡ 24 ᠪᠣᠯᠵᠣ᠂ ᠲᠣᠮᠣ ᠳ᠋ᠠᠶᠢᠲ᠋ᠠ ᠶᠢᠨ ᠬᠠᠷᠢᠴᠠᠭᠤᠯᠤᠯ ᠪᠠ ᠲᠤᠬᠠᠶ ᠶᠢᠨ ᠭᠠᠵᠠᠷ ᠲᠤᠨᠢ ᠲᠤᠭᠤᠷᠢᠨ | ᠪᠠᠶᠢᠴᠠᠭᠠᠬᠤ ᠪᠠᠷ ᠳᠡᠮᠵᠢᠨ᠂ ᠨᠢᠭᠲᠠ ᠣᠶᠢᠷᠠᠲᠤᠭᠰᠠᠳ ᠪᠠ ᠳᠠᠮ ᠣᠶᠢᠷᠠᠲᠤᠭᠰᠠᠳ ᠲᠤ ᠴᠥᠮ ᠵᠣᠬᠢᠰᠳᠠᠢ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠪᠡ᠃ | ᠨᠢᠭᠡ ᠳᠤ ᠨᠡᠶᠢᠭᠡᠮ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠭᠡᠷᠡᠭᠵᠢᠬᠦᠯᠪᠠ᠃ ᠡᠵᠡᠨ᠎ᠡ | ᠬᠤᠰᠢᠭᠤᠨ ᠳᠤ ᠣᠷᠣᠵᠤ ᠭᠠᠷᠬᠤ ᠥᠨᠳᠥᠷ ᠬᠤᠷᠳᠤᠴᠠᠲᠤ ᠵᠠᠰᠠᠮᠠᠯ ᠵᠠᠮ᠂ ᠤᠯᠤᠰ᠂ ᠮᠤᠵᠢ ᠂ ᠰᠢᠶᠠᠩ ᠤᠨ ᠵᠠᠮ᠂ | ᠭᠤᠤᠯᠳᠠᠯᠭ᠎ᠠ ᠲᠠᠢ ᠰᠠᠭᠤᠭᠠᠯᠢ ᠲᠣᠭᠤᠷᠢᠭ ᠪᠤᠯᠤᠨ ᠭᠠᠵᠡᠷ ᠣᠷᠣᠨ ᠢ ᠪᠢᠲᠡᠭᠦᠮᠵᠢᠯᠡᠨ ᠡᠵᠡᠮᠳᠡᠵᠦ᠂ ᠬᠢᠵᠢᠭ ᠲᠤ | ᠬᠤᠯᠪᠣᠭᠳᠠᠭᠰᠠᠨ ᠭᠤᠤᠯᠳᠠᠯᠭ᠎ᠠ ᠲᠠᠢ ᠬᠥᠮᠦᠰ ᠢ ᠴᠢᠩᠭ᠎ᠠ ᠬᠠᠮᠢᠶᠠᠷᠤᠨ ᠡᠵᠠᠮᠳᠠᠪᠠ᠃ ᠪᠥᠭᠡᠮ ᠬᠦᠴᠢᠯ ᠤᠨ ᠦᠯᠢᠭᠡᠷ | ᠠᠪᠬᠤ ᠴᠢᠭ ᠤᠨ ᠡᠮᠨᠡᠯᠭᠡ ᠶᠢᠨ ᠬᠤᠷᠢᠶ᠎ᠠ᠂ ᠲᠥᠪᠯᠡᠷᠡᠭᠦᠯᠦᠨ ᠲᠤᠰᠠᠭᠠᠷᠯᠠᠬᠤ ᠴᠢᠭ ᠤᠨ ᠡᠮᠬᠢ ᠳᠢᠭᠯᠢᠮ ᠢ | ᠬᠠᠮᠠᠭᠠᠯᠠᠬᠤ ᠠᠵᠢᠯ ᠢ ᠴᠢᠩᠭᠠᠳᠬᠠᠪᠠ᠃ | ᠬᠤᠶᠠᠷ ᠲᠤ᠂ ᠲᠤᠰᠠᠭᠠᠷᠯᠠᠨ ᠵᠥᠭᠡᠭᠡᠪᠦᠷᠢᠯᠡᠬᠦ ᠲᠣᠣᠷ ᠢ ᠨᠢᠭᠲᠠ ᠰᠦᠯᠵᠢᠪᠠ᠃ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠳᠤ ᠠᠷᠭ᠎ᠠ ᠴᠢᠨᠠᠷ ᠲᠠᠢ ᠬᠥᠮᠦᠰ ᠤᠨ ᠶᠠᠪᠤᠵᠤ ᠰᠠᠭᠤᠭᠰᠠᠠ ᠵᠠᠮ ᠮᠥᠷ ᠲᠤ ᠪᠠᠶᠢᠴᠠᠭᠠᠯᠲᠠ ᠬᠢᠵᠦ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠨᠢᠭᠲᠠ ᠣᠶᠢᠷᠠᠲᠤᠭᠰᠠᠳ ᠪᠠ ᠳᠡᠳ᠋ | ᠨᠢᠭᠲᠠ ᠣᠶᠢᠷᠠᠲᠤᠭᠰᠠᠠ ᠭᠦᠮᠦᠰ ᠢ ᠡᠮᠬᠢᠯᠡᠨ ᠪᠠᠶᠢᠴᠠᠭᠠᠵᠠᠢ᠃ ᠲᠣᠮᠣ ᠳ᠋ᠠᠶᠢᠲ᠋ᠠ ᠶᠢᠨ ᠬᠠᠷᠢᠴᠠᠭᠤᠯᠤᠯ ᠪᠠ | ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠶᠢ ᠤᠶᠠᠯᠳᠤᠭᠤᠯᠵᠦ᠂ ᠨᠢᠭᠲᠠ ᠣᠶᠢᠷᠠᠲᠤᠭᠰᠠᠳ ᠪᠠ ᠳᠡᠳ᠋ | ᠨᠢᠭᠲᠠ ᠣᠶᠢᠷᠠᠲᠤᠭᠰᠠᠠ ᠭᠦᠮᠦᠰ ᠤᠨ ᠪᠤᠳᠠᠳᠠᠢ ᠪᠠᠶᠢᠭ᠎ᠠ ᠣᠷᠣᠨ ᠪᠠᠶᠢᠷᠢ ᠶᠢ ᠬᠠᠷᠭᠤᠭᠤᠯᠤᠨ ᠪᠠᠶᠢᠴᠠᠭᠠᠬᠤ ᠶᠢ | ᠨᠠᠶᠢᠳᠠᠪᠤᠷᠢᠵᠢᠭᠤᠯᠪᠠ᠃ ᠬᠢᠵᠢᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠴᠢᠨᠠᠷᠲᠠᠶ ᠬᠥᠮᠦᠰ ᠵᠢᠴᠢ ᠨᠢᠭᠲᠠ | ᠦᠢᠷᠠᠳᠤᠭᠰᠠᠠ᠂ ᠳᠡᠳ᠋ ᠨᠢᠭᠲᠠ ᠦᠢᠷᠠᠳᠤᠭᠰᠠᠠ ᠬᠥᠮᠦᠰ ᠢ ᠲᠤᠰᠠᠭᠠᠷᠯᠠᠡ ᠰᠢᠯᠵᠢᠬᠦᠯᠵᠤ᠂ ᠣᠳᠣᠬᠠᠨ ᠪᠣᠯᠲᠠᠯ᠎ᠠ᠂ | 9 ᠲᠤᠰᠠᠭᠠᠷᠯᠠᠬᠤ ᠴᠢᠭ ᠲᠤ 726 ᠬᠥᠮᠦᠨ ᠢ ᠲᠥᠪᠯᠡᠷᠡᠭᠦᠯᠦᠨ ᠲᠤᠰᠠᠭᠠᠷᠯᠠᠵᠦ᠂ ᠲᠤᠰᠠᠭᠠᠷᠯᠠᠨ ᠰᠢᠯᠵᠢᠭᠦᠯᠦᠨ | ᠵᠥᠭᠡᠭᠡᠪᠦᠷᠢᠯᠡᠬᠦ ᠠᠵᠢᠯ ᠦᠷᠭᠦᠯᠵᠢᠯᠡᠵᠦ ᠪᠠᠶᠢᠨ᠎ᠠ᠃ | ᠰᠤᠷᠪᠤᠯᠵᠢᠯᠠᠭᠴᠢ᠄ ᠰᠦᠯᠵᠢᠶᠡᠨ ᠢᠷᠭᠡᠳ ᠡᠵᠡᠨ᠎ᠡ ᠬᠤᠰᠢᠭᠤᠨ ᠤ ᠭᠤᠷᠪᠠᠳᠤᠭᠠᠷ ᠤᠳᠠᠭ᠎ᠠ ᠶᠢᠨ ᠪᠥᠬᠦ ᠠᠷᠠᠳ ᠤᠨ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠬᠢᠴᠠ ᠶᠢᠨ ᠪᠠᠶᠢᠳᠠᠯ ᠢ ᠮᠠᠰᠢ ᠬᠠᠯᠠᠮᠵᠢᠯᠠᠵᠤ ᠪᠠᠶᠢᠨ᠎ᠠ᠂ ᠦᠷ᠎ᠡ | ᠳ᠋ᠦᠩ ᠭᠠᠷᠴᠢᠬᠠᠭᠰᠠᠠ ᠦᠦ︖ ᠡᠭᠦᠨ ᠠᠴᠠ ᠡᠮᠦᠨᠡᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ᠂ ᠵᠠᠷᠢᠮ | ᠰᠦᠯᠵᠢᠶᠡᠡ ᠢᠷᠭᠡᠳ ᠤᠨ ᠲᠤᠰᠬᠠᠭᠰᠠᠨ ᠰᠢᠯᠭᠠᠨ ᠪᠠᠶᠢᠴᠠᠭᠠᠬᠤ ᠬᠤᠷᠳᠤᠴᠠ ᠨᠢ ᠤᠳᠠᠭᠠᠨ᠂ ᠵᠠᠷᠢᠮ ᠢ ᠨᠢ ᠬᠠᠷᠠᠬᠠᠨ | ᠰᠢᠯᠭᠠᠨ ᠪᠠᠶᠢᠴᠠᠭᠠᠭᠠᠳᠤᠶ᠂ ᠵᠠᠷᠢᠮ ᠨᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠢᠶᠠᠨ ᠤᠳᠠᠲᠠᠯ᠎ᠠ ᠣᠯᠤᠭᠰᠠᠨ ᠥᠬᠡᠶ | ᠃ ᠣᠳᠣᠬᠠᠨ ᠳᠤ ᠶᠠᠮᠠᠷ ᠠᠷᠭ᠎ᠠ ᠬᠡᠮᠵᠢᠶ᠎ᠡ ᠠᠪᠴᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠶᠢ ᠪᠠᠲᠤᠯᠠᠵᠤ | ᠪᠠᠶᠢᠭ᠎ᠠ ᠂ ᠤᠯᠡᠨ ᠲᠦᠮᠡᠨ ᠬᠡᠷᠬᠢᠨ ᠴᠠᠭ ᠲᠤᠬᠠᠶ ᠳᠤᠨᠢ ᠥᠪᠡᠷ ᠤᠨ ᠰᠢᠯᠭᠠᠨ ᠪᠠᠶᠢᠴᠠᠭᠠᠯᠲᠠ ᠶᠢᠨ ᠦᠷ᠎ᠡ | ᠳ᠋ᠦᠩ ᠢᠶᠠᠨ ᠤᠯᠵᠦ ᠮᠡᠳᠡᠵᠦ ᠲᠡᠶᠢᠯᠬᠦ ᠪᠤᠢ︖ | ᠬᠠᠷᠢᠭᠤᠯᠲᠠ᠄ ᠡᠵᠡᠨ᠎ᠡ ᠬᠤᠰᠢᠭᠤᠨ ᠤ ᠭᠤᠷᠪᠠᠳᠤᠭᠠᠷ ᠤᠳᠠᠭ᠎ᠠ ᠶᠢᠨ ᠪᠥᠬᠦ ᠠᠷᠠᠳ ᠤᠨ ᠪᠥᠭᠡᠮ ᠬᠦᠴᠢᠯ ᠤᠨ | ᠰᠢᠯᠭᠠᠨ ᠪᠠᠶᠢᠴᠠᠭᠠᠯᠲᠠ ᠶᠢᠨ ᠠᠵᠢᠯ ᠢ 22 ᠤᠨ ᠡᠳᠦᠷ ᠤᠨ ᠦᠳᠡ ᠶᠢᠨ ᠡᠮᠦᠨᠡᠬᠢ 8᠄ 30 ᠴᠠᠭ ᠠᠴᠠ | ᠡᠬᠢᠯᠡᠭᠦᠯᠵᠦ᠂ ᠲᠣᠰ ᠡᠳᠦᠷ ᠤᠨ 24 ᠴᠠᠭ ᠪᠣᠯᠲᠠᠯ᠎ᠠ ᠨᠡᠶᠢᠲᠡ 32945 ᠬᠥᠮᠦᠨ ᠠᠴᠠ ᠥᠯᠢᠭᠡᠷ ᠡᠳ᠋ ᠠᠪᠤᠪᠠ᠃ | ᠤᠳᠤ 28180 ᠬᠦᠮᠦᠨ ︵ᠬᠤᠪᠢ︶ ᠶᠢᠨ ᠦᠷ᠎ᠡ ᠳ᠋ᠦᠩ ᠨᠢ ᠨᠢᠭᠡᠨᠲᠡ ᠭᠠᠷᠤᠭᠰᠠᠠ ᠪᠠᠶᠢᠨ᠎ᠠ᠂ ᠪᠤᠰᠤᠳ ᠢ ᠨᠢ | ᠶᠠᠭ ᠪᠠᠶᠢᠴᠠᠭᠠᠵᠤ ᠪᠠᠢᠨ᠎ᠠ᠃ ᠰᠡᠵᠢᠭᠯᠡᠯᠲᠡᠶ ᠬᠤᠯᠢᠮᠠᠭ ᠬᠤᠭᠤᠯᠠᠶᠢᠲᠤ ᠥᠯᠢᠭᠡᠷ ᠡᠳ᠋ ᠢ ᠤᠯᠠᠮ ᠨᠢᠭᠡ ᠠᠯᠬᠤᠮ ᠲᠠᠩ | ᠬᠤᠭᠤᠯᠠᠶ ᠪᠠᠷ ᠥᠯᠢᠭᠡᠷ ᠡᠳ᠋ ᠠᠪᠴᠤ ᠰᠢᠯᠭᠠᠨ ᠪᠠᠶᠢᠴᠠᠭᠠᠯᠳᠡ ᠬᠢᠵᠦ ᠪᠠᠶᠢᠨ᠎ᠠ᠃ | ᠡᠵᠡᠨ᠎ᠡ ᠬᠤᠰᠢᠭᠤᠨ ᠤ ᠭᠤᠷᠪᠠᠳᠤᠭᠠᠷ ᠡᠭᠡᠯᠵᠢ ᠶᠢᠨ ᠪᠥᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ | ᠳᠤᠮᠳᠠ᠂ ᠤᠯᠤᠰ ᠤᠨ ᠠᠵᠢᠯᠯᠠᠬᠤ ᠳᠤᠭᠤᠶᠢᠯᠠᠩ ᠤᠨ ᠲᠤᠰᠬᠠᠶ ᠮᠡᠷᠭᠡᠵᠢᠯᠲᠡᠨ ᠤ ᠵᠢᠯᠣᠭᠤᠳᠣᠯᠭ᠎ᠠ ᠳᠤᠤᠷ᠎ᠠ᠂ | ᠠᠵᠢᠯᠲᠠᠨ ᠤ ᠵᠣᠬᠢᠶᠠᠨ ᠪᠠᠶᠢᠭᠤᠯᠤᠯᠲᠠ᠂ ᠥᠯᠢᠭᠡᠷ ᠠᠪᠬᠤ ᠴᠢᠭ ᠤᠨ ᠲᠣᠬᠢᠷᠠᠭᠤᠯᠤᠯᠲᠠ᠂ ᠳᠠᠮᠵᠢᠭᠤᠯᠤᠨ | ᠲᠡᠭᠡᠭᠡᠪᠦᠷᠢᠯᠡᠬᠦ ᠲᠠᠷᠠᠭᠠᠯᠡᠯ᠂ ᠲᠤᠷᠰᠢᠯᠲᠠ ᠶᠢᠨ ᠲᠠᠰᠤᠭ ᠤᠨ ᠡᠬᠢ ᠪᠠᠶᠠᠯᠢᠭ᠂ ᠮᠡᠳᠡᠭᠡ ᠵᠠᠩᠭᠢ ᠶᠢᠨ ᠮᠡᠳᠡᠭᠦᠯᠦᠯᠲᠡ | ᠵᠡᠷᠭᠡ 5 ᠭᠤᠭᠴᠤᠭ᠎ᠠ ᠶᠢᠨ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠯᠭᠠᠨ ᠪᠠᠶᠢᠴᠠᠭᠠᠬᠤ ᠶᠠᠰᠤ | ᠴᠢᠨᠠᠷ ᠢ ᠪᠠᠲᠤᠯᠠᠭᠰᠠᠨ ᠤᠷᠢᠲᠠᠯ ᠳᠤᠤᠷ᠎ᠠ ᠬᠤᠷᠳᠤᠴᠠ ᠪᠠᠨ ᠴᠢᠷᠮᠠᠶᠢᠨ ᠳᠡᠭᠡᠭᠰᠢᠯᠡᠬᠦᠯᠵᠤ᠂ ᠭᠤᠷᠪᠠᠳᠤᠭᠠᠷ | ᠤᠳᠠᠭ᠎ᠠ ᠶᠢᠨ ᠥᠯᠢᠭᠡᠷ ᠠᠪᠬᠤ ᠠᠵᠢᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃ | ᠤᠯᠠᠨ ᠲᠦᠮᠡᠨ ᠤ ᠰᠢᠯᠭᠠᠨ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠢ ᠳᠤ ᠮᠡᠳᠡᠬᠦ ᠶᠢ ᠪᠠᠳᠤᠯᠠᠬᠤ ᠶᠢᠨ | ᠲᠥᠯᠥᠭᠡ᠂ ᠠᠯᠠᠱᠠ ᠠᠶᠢᠮᠠᠭ ᠨᠢᠭᠡᠨᠲᠡ ︽ᠡᠷᠡᠭᠦᠯ ᠮᠠᠨᠳᠤ ᠶᠢᠨ ᠠᠯᠠᠱᠠ︾ ᠸᠢᠴᠠᠲ ᠲᠡᠪᠴᠡᠩ ᠢ ᠨᠡᠪᠳᠡᠷᠡᠭᠦᠯᠪᠡ᠂ | ᠪᠦᠬᠦ ᠬᠥᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠤᠯᠤᠩ ᠲᠤᠬᠢᠷᠠᠭᠤᠯᠵᠦ᠂ ᠰᠢᠯᠭᠠᠨ | ᠪᠠᠶᠢᠴᠠᠭᠠᠭᠰᠠᠨ ᠦᠷ᠎ᠡ ᠳ᠋ᠦᠩ ᠢᠶᠠᠨ ᠪᠠᠶᠢᠴᠠᠭᠠᠵᠤ ᠪᠤᠯᠬᠤ ᠪᠤᠯᠭᠠᠪᠠ᠃ ᠲᠣᠰ ᠸᠢᠴᠠᠲ ᠲᠡᠪᠴᠡᠩ ᠳᠤ ᠪᠠᠰᠠ | ᠡᠯ᠎ᠡ ᠪᠦᠯᠦᠭ ᠤᠳᠠᠭ᠎ᠠ ᠶᠢᠨ ᠦᠷ᠎ᠡ ᠳ᠋ᠦᠩ ᠢ ᠪᠠᠶᠢᠴᠠᠭᠠᠨ ᠯᠠᠪᠯᠠᠬᠤ ᠴᠢᠳᠠᠮᠵᠢ ᠶᠢ ᠨᠡᠭᠡᠭᠡᠵᠦ᠂ ᠪᠥᠭᠡᠮ ᠬᠦᠴᠢᠯ ᠤᠨ | ᠪᠠᠶᠢᠴᠠᠭᠠᠯᠲᠠ ᠶᠢᠨ ᠦᠷ᠎ᠡ ᠳ᠋ᠦᠩ ᠢ ᠡᠷᠡᠭᠦᠯ ᠮᠡᠨᠳᠦ ᠶᠢᠨ ᠺᠣᠳ᠋ ᠲᠠᠢ ᠬᠤᠯᠪᠣᠭᠳᠠᠭᠤᠯᠵᠡᠢ᠃ | ᠰᠤᠷᠪᠤᠯᠵᠢᠯᠠᠭᠴᠢ᠄ ᠥᠴᠥᠭᠡᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠡᠵᠡᠨ᠎ᠡ ᠳᠤ ᠬᠤᠴᠤᠷᠤᠭᠰᠠᠠ | ᠵᠢᠭᠤᠯᠴᠢᠯᠠᠭᠴᠢᠳ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠪᠡ᠂ ᠣᠲᠣ ᠪᠣᠯᠲᠠᠯ᠎ᠠ | ᠨᠠᠶᠢᠳᠠᠪᠤᠷᠢᠵᠢᠭᠤᠯᠤᠭᠰᠠᠨ ᠪᠠᠶᠢᠳᠠᠯ ᠨᠢ ᠶᠠᠮᠠᠷ ᠪᠣᠶ︖ ᠲᠤᠬᠠᠶ ᠶᠢᠨ ᠭᠠᠵᠠᠷ ᠤᠨ ᠵᠣᠴᠢᠳ ᠤᠨ ᠪᠠᠭᠤᠳᠠᠯ ᠤᠨ | ᠦᠨ᠎ᠠ ᠬᠠᠩᠰᠢ ᠶᠢ ᠪᠣᠷᠣᠯᠠᠭᠤᠯᠭ᠎ᠠ ᠠᠨᠠᠢ ᠤᠯᠠᠷᠢᠯ ᠤᠨ ᠦᠨ᠎ᠡ ᠪᠠᠷ ᠨᠢᠭᠡᠳᠦᠯᠲᠡᠶ ᠬᠡᠷᠡᠭᠵᠢᠭᠦᠯᠬᠦ ᠬᠡᠷᠡᠭᠲᠡᠶ ᠭᠡᠵᠦ | ᠱᠠᠭᠠᠷᠳᠠᠭᠰᠠᠨ ᠪᠣᠯᠪᠠᠴᠤ ᠵᠠᠷᠢᠮ ᠰᠦᠯᠵᠢᠶᠡᠨ ᠢᠷᠭᠡᠳ ᠵᠣᠴᠢᠳ ᠤᠨ ᠪᠠᠭᠤᠳᠠᠯ ᠤᠨ ᠦᠨ᠎ᠠ ᠬᠠᠨᠭ᠍ᠰᠢ ᠨᠢ ᠥᠨᠳᠥᠷ | ᠪᠠᠶᠢᠨ᠎ᠠ ᠬᠡᠵᠦ ᠲᠤᠰᠬᠠᠵᠦ ᠪᠠᠶᠢᠨ᠎ᠠ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠢᠨᠠᠨ | ᠬᠠᠮᠢᠶᠠᠷᠤᠯᠳᠡ ᠶᠢᠨ ᠠᠷᠭ᠎ᠠ ᠬᠡᠮᠵᠢᠶ᠎ᠡ ᠪᠠᠶᠢᠨ᠎ᠠ ᠤᠤ︖ | ᠬᠠᠷᠢᠭᠤᠯᠲᠠ᠄ ᠨᠢᠭᠡ ᠳᠤ ᠦᠨᠳᠦᠰᠦᠨ ᠬᠤᠭᠤᠯᠠ ᠶᠢᠨ ᠪᠠᠲᠤᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ | 10 ᠰᠠᠷ᠎ᠠ ᠶᠢᠨ 22 ᠤᠨ ᠡᠳᠦᠷ ᠠᠴᠠ ᠡᠬᠢᠯᠡᠨ᠂ ᠨᠡᠯᠢᠶᠡᠳ ᠲᠤᠮᠦ ᠬᠡᠪᠴᠢᠶᠡᠨ ᠤ ᠵᠤᠴᠢᠳ ᠤᠨ ᠪᠠᠭᠤᠳᠠᠯ ᠳᠤ | ᠬᠤᠨᠤᠭᠯᠠᠵᠦ ᠪᠠᠶᠢᠭ᠎ᠠ ᠵᠢᠭᠤᠯᠴᠢᠳ ᠲᠤ ᠡᠳᠦᠷ ᠪᠦᠷᠢ ᠦᠨ᠎ᠠ ᠲᠦᠯᠦᠪᠦᠷᠢ ᠦᠭᠡᠢ ᠪᠠᠷ ᠨᠢᠭᠡ ᠬᠤᠪᠢ ᠬᠤᠭᠤᠯᠡ᠂ | ᠨᠢᠭᠡ ᠤᠳᠠᠭᠠᠨ ᠤ ᠴᠢᠨᠠᠷᠲᠠᠶ ᠡᠮᠴᠢᠯᠡᠭᠡᠨ ᠤ ᠠᠮᠠᠪᠴᠢ᠂ ᠨᠢᠬᠡ ᠬᠤᠪᠢ ᠲᠥᠬᠦᠮ ᠭᠤᠯᠢᠷ᠂ ᠬᠢᠮ᠎ᠠ ᠪᠠ ᠤᠰᠤ | ᠬᠠᠩᠭᠠᠵᠤ ᠪᠤᠢ᠃ ᠪᠤᠰᠤᠳ ᠨᠡᠯᠢᠶᠡᠳ ᠪᠠᠭ᠎ᠠ ᠬᠡᠮᠵᠢᠶᠡᠨ ᠤ ᠵᠣᠴᠢᠳ ᠤᠨ ᠪᠠᠭᠤᠳᠠᠯ᠂ ᠠᠷᠠᠳ ᠤᠨ ᠬᠤᠨᠤᠭ ᠤᠨ | ᠭᠠᠵᠡᠷ ᠲᠤ ᠰᠠᠭᠤᠵᠤ ᠪᠠᠶᠢᠭ᠎ᠠ ᠬᠥᠮᠦᠰ ᠤᠨ ᠪᠠᠳᠦᠯᠠᠭ᠎ᠠ ᠶᠢ ᠴᠤ ᠱᠠᠯᠠᠪᠳᠠᠡ ᠬᠢᠵᠦ ᠪᠠᠶᠢᠨ᠎ᠠ᠃ | ᠬᠤᠶᠠᠷ ᠲᠤ ᠡᠮ ᠤᠨ ᠵᠤᠶᠢᠯᠠᠰ ᠤᠨ ᠬᠡᠷᠡᠭᠴᠡᠭᠡ ᠶᠢ ᠴᠢᠳᠠᠬᠤ ᠶᠢᠨ ᠬᠢᠷᠢ ᠪᠠᠷ ᠬᠠᠩᠭᠠᠵᠤ ᠪᠠᠶᠢᠨ᠎ᠠ᠃ ᠰᠦᠯᠵᠢᠶᠡᠨ | ᠳᠡᠭᠡᠷ᠎ᠡ ᠡᠵᠡᠨ᠎ᠡ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠠᠰᠠᠭᠤᠨ ᠯᠠᠪᠯᠠᠬᠤ ᠦᠢᠯᠠᠴᠢᠯᠡᠬᠡᠠ ᠤ | ᠤᠲᠠᠰᠤ ᠶᠢ ᠨᠡᠶᠢᠲᠡᠯᠡᠵᠦ᠂ ︽ᠰᠦᠯᠵᠢᠶᠡᠨ ᠳᠡᠭᠡᠷ᠎ᠡ ᠰᠦᠢᠳᠭᠡᠯ ᠲᠤᠰᠢᠶᠠᠵᠦ ᠡᠮ ᠬᠤᠳᠠᠯᠳᠤᠨ ᠠᠪᠴᠦ᠂ ᠡᠮ ᠢ | ᠡᠭᠦᠳᠡᠨ ᠳᠤ ᠬᠦᠷᠭᠡᠬᠦ︾ ᠪᠥᠬᠦ ᠲᠠᠷᠠᠭᠠᠯᠡᠯ ᠳᠤ ᠬᠠᠷᠢᠯᠴᠡᠨ ᠦᠢᠷᠠᠳᠦᠯᠴᠠᠬᠤ ᠥᠬᠡᠶ ᠠᠷᠭ᠎ᠠ ᠶᠢ ᠠᠪᠤᠪᠠ᠃ | ᠳᠠᠯᠠᠶᠢᠬᠦ᠋ᠪ ᠪᠠᠯᠭᠠᠰᠦᠨ ᠠᠴᠠ ᠬᠤᠳᠠᠯᠳᠤᠨ ᠠᠪᠴᠤ ᠳᠡᠶᠢᠯᠬᠦ ᠦᠭᠡᠶ ᠡᠮ ᠲᠠᠩ ᠢ ᠬᠥᠮᠦᠨ ᠲᠣᠮᠢᠯᠠᠨ ᠵᠢᠦᠴᠢᠦᠸᠠᠨ᠂ | ᠪᠠᠶᠠᠨᠨᠠᠭᠤᠷ᠂ ᠬᠥᠬᠡᠬᠤᠲᠠ᠂ ᠢᠷᠭᠠᠢ ᠵᠡᠷᠭᠡ ᠭᠠᠵᠠᠷ ᠣᠷᠣᠨ ᠲᠠᠢ ᠬᠠᠷᠢᠯᠴᠠᠵᠦ ᠪᠠᠶᠢᠨ᠎ᠠ᠂ ᠬᠤᠪᠣᠷ ᠴᠤᠬᠠᠭ | ᠡᠮ ᠤᠨ ᠵᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠴᠢᠷᠮᠠᠶᠢᠨ ᠰᠢᠢᠳᠪᠤᠷᠢᠯᠠᠵᠤ ᠪᠠᠶᠢᠨ᠎ᠠ᠃ ᠦᠨᠡᠬᠡᠷ ᠬᠤᠳᠠᠯᠳᠤᠨ | ᠠᠪᠬᠤ ᠳᠤ ᠬᠦᠴᠢᠷᠲᠡᠶ ᠡᠮ ᠢ ᠬᠦᠯᠢᠴᠡᠩᠬᠦᠢ ᠲᠠᠶᠢᠯᠪᠤᠷᠢᠯᠠᠯᠳᠡ ᠬᠢᠬᠦ ᠶᠢᠨ ᠬᠠᠮᠲᠤ᠂ ᠵᠢᠭᠤᠯᠴᠢᠳ ᠢ ᠠᠶᠢᠮᠠᠭ ᠤᠨ | ᠳᠣᠲᠣᠷᠠᠬᠢ ᠬᠢᠵᠢᠭ ᠤᠨ ᠲᠦᠭᠰᠢᠭᠦᠷᠢ ᠪᠠᠷ ᠨᠡᠯᠢᠶᠡᠳ ᠳᠤᠤᠷ᠎ᠠ ᠭᠠᠵᠠᠷ ᠣᠷᠣᠨ ᠳᠤ ᠰᠢᠤᠳᠠᠨ ᠢᠶᠠᠷ ᠢᠯᠡᠭᠡᠠ | ᠬᠦᠷᠭᠡᠭᠦᠯᠬᠦ ᠶᠢ ᠵᠢᠯᠣᠭᠤᠳᠴᠤ᠂ ᠵᠠᠰᠠᠭ ᠤᠨ ᠣᠷᠳᠣᠨ ᠠᠴᠠ ᠲᠤᠰᠬᠠᠶ ᠬᠥᠮᠦᠨ ᠲᠤᠮᠢᠯᠡᠨ ᠭᠥᠯᠢᠶᠡᠨ ᠠᠪᠤᠭᠰᠠᠨ ᠤ | ᠳᠠᠷᠠᠭ᠎ᠠ᠂ ᠪᠠᠷᠠᠭ᠎ᠠ ᠲᠡᠭᠡᠭᠡᠪᠦᠷᠢᠯᠡᠬᠦ ᠠᠷᠭ᠎ᠠ ᠵᠠᠮ ᠢᠶᠠᠷ ᠡᠵᠡᠨ᠎ᠡ ᠬᠤᠰᠢᠭᠤᠨ ᠳᠤ ᠨᠢᠭᠡᠳᠦᠯᠲᠡᠶ ᠶᠠᠪᠤᠭᠤᠯᠤᠨ᠎ᠠ᠃ | ᠡᠭᠦᠨ ᠠᠴᠠ ᠭᠠᠳᠠᠨ᠎ᠠ᠂ ᠵᠢᠭᠤᠯᠴᠢᠯᠠᠭᠴᠢᠳ ᠤᠨ ᠲᠤᠰᠬᠠᠭᠰᠠᠨ ᠡᠪᠡᠳᠴᠢᠨ ᠦᠵᠡᠭᠦᠯᠬᠦ ᠠᠰᠠᠭᠤᠳᠠᠯ ᠳᠤ | ᠴᠢᠭᠯᠡᠭᠦᠯᠦᠨ᠂ ᠨᠢᠭᠡᠨᠲᠡ ᠡᠵᠡᠨ᠎ᠡ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢ ᠶᠡᠷᠦᠩᠬᠡᠶᠢᠯᠡᠭᠰᠡᠨ ᠡᠭᠦᠳᠡᠨ | ᠡᠮᠨᠡᠯᠭᠡ ᠪᠠᠷ ᠨᠡᠶᠢᠭᠡᠮ ᠳᠤ ᠴᠢᠯᠥᠭᠡᠲᠡᠶ ᠨᠡᠭᠡᠭᠡᠬᠦ ᠪᠠᠷ ᠳᠤᠬᠢᠷᠠᠭᠤᠯᠤᠬᠰᠠᠠ ᠤ ᠬᠠᠮᠳᠤ ᠪᠠᠭᠤᠳᠠᠯ ᠳᠤ ᠬᠤᠴᠤᠷᠤᠭᠰᠠᠠ | ᠵᠢᠭᠤᠯᠴᠢᠳ ᠲᠤ ᠬᠡᠷ ᠲᠤᠨᠢ ᠬᠦᠷᠴᠦ ᠡᠮᠴᠢᠯᠡᠬᠦ ᠦᠢᠯᠠᠴᠢᠯᠡᠭᠡ ᠬᠠᠩᠭᠠᠵᠤ ᠪᠠᠶᠢᠨ᠎ᠠ᠃ | ᠭᠤᠷᠪᠠ ᠳᠤ ᠨᠡᠭᠦᠳᠡᠯ ᠬᠡᠲᠦ ᠳᠡᠯᠭᠡᠭᠦᠷ᠂ ᠡᠮ ᠤᠨ ᠳᠡᠯᠭᠡᠭᠦᠷ ᠤᠨ ᠠᠵᠢᠯᠯᠠᠭ᠎ᠠ ᠶᠢ ᠤᠯᠠᠮ ᠨᠢᠭᠡ ᠠᠯᠬᠤᠮ | ᠳᠡᠬᠦᠯᠳᠠᠷᠵᠢᠬᠦᠯᠪᠠ᠃ ᠥᠴᠥᠭᠡᠳᠦᠷ ᠰᠢᠯᠵᠢᠮᠡᠯ ᠬᠡᠲᠦ ᠳᠡᠯᠭᠡᠭᠦᠷ ᠪᠠ ᠡᠮ ᠤᠨ ᠳᠡᠯᠭᠡᠭᠦᠷ ᠢ ᠠᠵᠢᠯᠯᠠᠭᠤᠯᠤᠭᠰᠠᠨ ᠤ | ᠳᠠᠷᠠᠭ᠎ᠠ᠂ ᠬᠡᠰᠡᠭ ᠰᠠᠭᠤᠭᠠᠯᠢ ᠠᠷᠠᠳ ᠪᠠ ᠵᠢᠭᠤᠯᠴᠢᠳ ᠤᠨ ᠬᠡᠷᠡᠭᠴᠡᠭᠡ ᠶᠢ ᠪᠦᠲᠦᠮᠵᠢᠲᠡᠶ ᠰᠢᠢᠳᠪᠤᠷᠢᠯᠠᠪᠠ᠂ | ᠥᠨᠥᠳᠦᠷ ᠪᠢᠳᠡ ᠲᠡᠷᠭᠡ ᠨᠡᠮᠡᠵᠦ ᠪᠠᠲᠤᠯᠠᠭ᠎ᠠ ᠪᠠ ᠬᠠᠩᠭᠠᠯᠭ᠎ᠠ ᠶᠢᠨ ᠬᠡᠪᠴᠢᠶ᠎ᠡ ᠶᠢ ᠥᠷᠭᠡᠳᠬᠡᠡ᠂ ᠨᠠᠩ ᠣᠯᠠᠨ | ᠬᠡᠷᠡᠭᠴᠡᠭᠡ ᠶᠢ ᠰᠢᠢᠳᠪᠤᠷᠢᠯᠡᠬᠦ ᠪᠠᠷ ᠴᠢᠷᠮᠠᠶᠢᠨ᠎ᠠ᠃ | ᠳᠥᠷᠪᠡ ᠳᠤ ᠵᠣᠴᠢᠳ ᠤᠨ ᠪᠠᠭᠤᠳᠠᠯ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ | ᠵᠢᠭᠤᠯᠴᠢᠳ ᠤᠨ ᠲᠤᠰᠬᠠᠭᠰᠠᠨ ᠭᠡᠷ ᠪᠠᠶᠢᠰᠢᠩ ᠤᠨ ᠦᠨ᠎ᠡ ᠥᠨᠳᠥᠷ ᠪᠠᠶᠢᠬᠤ ᠠᠰᠠᠭᠤᠳᠠᠯ ᠳᠤ ᠴᠢᠭᠯᠡᠭᠦᠯᠦᠨ᠂ | ᠪᠢᠳᠡ ᠨᠢᠭᠡᠨᠲᠡ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠬᠡᠷᠡᠭᠵᠢᠭᠦᠯᠬᠦ | ᠬᠤᠭᠤᠴᠠᠭᠠᠨ ᠳᠤ ᠵᠣᠴᠢᠳ ᠤᠨ ᠪᠠᠭᠤᠳᠠᠯ ᠤᠨ ᠦᠨ᠎ᠡ ᠬᠠᠩᠰᠢ ᠶᠢ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ | ᠵᠣᠴᠢᠳ ᠤᠨ ᠪᠠᠭᠤᠳᠠᠯ ᠤᠨ ᠦᠨ᠎ᠡ ᠬᠠᠩᠰᠢ ᠶᠢ ᠡᠳᠦᠷ ᠪᠦᠷᠢ 200 ᠲᠥᠭᠦᠷᠢᠭ ᠠᠴᠠ ᠬᠡᠲᠦᠷᠡᠭᠦᠯᠵᠦ ᠪᠣᠯᠬᠤ | ᠦᠭᠡᠢ ᠭᠡᠵᠦ ᠲᠣᠭᠲᠠᠭᠠᠪᠠ᠃ ᠣᠳᠣᠬᠠᠨ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠢ ᠲᠤᠰᠬᠠᠢᠢᠯᠡᠨ ᠲᠤᠬᠢᠷᠠᠭᠤᠯᠵᠦ ᠬᠢᠨᠠᠨ ᠪᠠᠶᠢᠴᠠᠭᠠᠬᠤ ᠠᠵᠢᠯ ᠢ ᠦᠷᠨᠢᠬᠦᠯᠵᠤ ᠪᠠᠶᠢᠨ᠎ᠠ᠂ ᠳᠤᠷ᠎ᠠ ᠪᠠᠷ ᠢᠶᠠᠨ | ᠦᠨ᠎ᠡ ᠥᠰᠬᠡᠬᠦ ᠦᠢᠯᠠ ᠠᠵᠢᠯᠯᠠᠭ᠎ᠠ ᠳᠤ ᠶᠠᠭᠠᠬᠢᠭᠰᠠᠨ ᠴᠤ ᠢᠯᠳᠠᠷ ᠬᠠᠶᠠᠬᠤ ᠥᠬᠡᠶ᠃ | ᠰᠤᠷᠪᠤᠯᠵᠢᠯᠠᠭᠴᠢ᠄ ᠡᠵᠡᠨ᠎ᠡ ᠬᠤᠰᠢᠭᠤ ᠨᠢᠭᠡᠨᠲᠡ 24 ᠤᠨᠤᠰᠢᠯᠠᠬᠰᠠᠠ ᠡᠪᠡᠳᠴᠢᠨ ᠤ ᠵᠢᠱᠢᠶ᠎ᠡ ᠶᠢ ᠨᠡᠶᠢᠲᠡᠯᠡᠪᠡ᠂ | ᠡᠭᠦᠨ ᠠᠴᠠ ᠡᠮᠦᠨ᠎ᠡ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠲᠤᠰᠬᠠᠶ ᠠᠷᠢᠭᠤᠳᠬᠠᠬᠤ ᠠᠩᠭᠢ ᠨᠢᠭᠡᠨᠲᠡ | ᠡᠵᠡᠨ᠎ᠡ ᠳᠤ ᠬᠦᠷᠴᠦ ᠢᠷᠡᠭᠰᠡᠨ ᠢ ᠲᠠᠨᠢᠯᠴᠠᠭᠤᠯᠪᠠ᠃ ᠣᠳᠣᠬᠠᠨ ᠳᠤ ᠣᠨᠣᠰᠢᠯᠠᠭᠳᠠᠭᠰᠠᠨ ᠡᠪᠡᠳᠴᠢᠲᠡᠨ ᠤ | ᠠᠵᠢᠯᠯᠠᠭ᠎ᠠ ᠬᠢᠵᠦ ᠥᠩᠭᠡᠷᠡᠭᠰᠡᠨ ᠲᠠᠯᠠᠪᠤᠷ ᠭᠠᠵᠠᠷ ᠢ ᠠᠷᠢᠭᠤᠳᠬᠠᠭᠰᠠᠨ ᠪᠠᠶᠢᠳᠠᠯ ᠨᠢ ᠶᠠᠮᠠᠷ ᠪᠣᠶ ︖ | ᠬᠠᠷᠢᠭᠤᠯᠲᠠ᠄ ᠲᠤᠰᠬᠠᠶ ᠮᠡᠷᠭᠡᠵᠢᠯ ᠤᠨ ᠠᠷᠢᠭᠤᠳᠬᠠᠬᠤ ᠡᠩᠨᠡᠭᠡ 10 ᠰᠠᠷ᠎ᠠ ᠶᠢᠨ 21 ᠤ ᠡᠳᠦᠷ ᠡᠵᠡᠨ᠎ᠡ | ᠬᠤᠰᠢᠭᠤᠨ ᠳᠤ ᠬᠦᠷᠪᠡ᠃ ᠠᠷᠢᠭᠤᠳᠬᠠᠬᠤ ᠲᠥᠰᠦᠯ ᠶᠣᠰᠣᠭᠠᠷ᠂ 10 ᠰᠠᠷ᠎ᠠ ᠶᠢᠨ 22 ᠤᠨ ᠡᠳᠦᠷ | ᠠᠷᠢᠭᠤᠳᠬᠠᠬᠤ ᠳᠤᠭᠤᠶᠢᠯᠠᠩ᠂ ᠦᠷ᠎ᠡ ᠪᠦᠲᠦᠮᠵᠢ ᠶᠢ ᠦᠨᠡᠯᠡᠬᠦ ᠳᠤᠭᠤᠶᠢᠯᠠᠩ ᠤᠨ ᠬᠢᠨ ᠲᠤᠰᠬᠠᠶ ᠮᠡᠷᠭᠡᠵᠢᠯ ᠤᠨ | ᠠᠵᠢᠯᠲᠠᠨ ᠳᠤ ᠰᠢᠨ᠎ᠡ ᠨᠢᠭᠡ ᠡᠭᠡᠯᠵᠢ ᠶᠢᠨ ᠪᠣᠯᠪᠠᠰᠤᠷᠠᠯ ᠬᠦᠷᠲᠡᠭᠡᠵᠦ᠂ ᠡᠵᠡᠨ᠎ᠡ ᠬᠤᠰᠢᠭᠤᠨ ᠤ ᠬᠤᠯᠪᠣᠭᠳᠠᠯ ᠪᠥᠬᠦᠶ | ᠵᠣᠴᠢᠳ ᠤᠨ ᠪᠠᠭᠤᠳᠠᠯ ᠳᠤ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠯ ᠪᠠ ᠦᠨᠡᠯᠡᠯᠲᠡ ᠬᠢᠪᠠ᠃ 10 | ᠰᠠᠷ᠎ᠠ ᠶᠢᠨ 23 ᠤ ᠡᠳᠦᠷ ᠠᠴᠠ ᠡᠬᠢᠯᠡᠨ ᠣᠨᠣᠰᠢᠯᠠᠭᠳᠠᠭᠰᠠᠨ ᠡᠪᠡᠳᠴᠢᠲᠡᠨ ᠤ ᠠᠶᠠᠯᠠᠯ ᠤᠨ ᠵᠠᠮ ᠳᠤ | ᠬᠤᠯᠪᠣᠭᠳᠠᠭᠰᠠᠨ 18 ᠴᠡᠭ ᠢ ᠠᠷᠢᠭᠤᠳᠬᠠᠵᠤ᠂ ᠣᠳᠣᠬᠠᠨ ᠳᠤ ᠨᠢᠭᠡᠨᠲᠡ 12 ᠴᠢᠭ᠂ ᠪᠠᠷᠤᠭ 1880 ᠲᠡᠭᠰᠢ | ᠳᠥᠷᠪᠡᠯᠵᠢᠨ ᠮᠧᠲᠷ ᠭᠠᠵᠠᠷ ᠢ ᠠᠷᠢᠭᠤᠳᠬᠠᠭᠰᠠᠠ ᠪᠠ ᠦᠷ᠎ᠡ ᠪᠦᠲᠦᠮᠵᠢ ᠶᠢ ᠦᠨᠡᠯᠡᠬᠦ ᠠᠵᠢᠯ ᠢ ᠪᠡᠶᠡᠯᠡᠭᠦᠯᠪᠡ᠃ | ᠣᠳᠣᠬᠠᠨ ᠳᠤ᠂ ᠠᠷᠢᠭᠤᠳᠬᠠᠬᠤ ᠳᠤᠭᠤᠶᠢᠯᠠᠩ ᠶᠠᠭ ᠡᠵᠡᠨ᠎ᠡ ᠬᠤᠰᠢᠭᠤᠨ ᠤ ᠣᠨᠣᠰᠢᠯᠠᠭᠰᠠᠨ ᠡᠪᠡᠳᠴᠢᠨ ᠤ | ᠵᠢᠱᠢᠶ᠎ᠡ ᠶᠢᠨ ᠠᠵᠢᠯᠯᠠᠭ᠎ᠠ ᠶᠢᠨ ᠵᠠᠮ ᠳᠤ ᠬᠤᠯᠪᠣᠭᠳᠠᠭᠰᠠᠨ ᠲᠠᠯᠠᠪᠤᠷ ᠭᠠᠵᠠᠷ ᠢ ᠴᠢᠨᠠᠭᠰᠢᠳᠠ ᠡᠮᠬᠢᠯᠡᠡ᠂ | ᠠᠷᠢᠭᠤᠳᠬᠠᠬᠤ ᠲᠠᠯᠠᠪᠠᠢ ᠶᠢ ᠨᠤᠲᠠᠯᠠᠵᠤ ᠪᠠᠶᠢᠨ᠎ᠠ᠃ ᠡᠭᠦᠨ ᠤ ᠬᠠᠮᠲᠤ᠂ ᠬᠢᠵᠢᠭ ᠢ ᠰᠡᠷᠭᠡᠶᠢᠯᠡᠨ ᠡᠵᠡᠮᠳᠡᠬᠦ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠠᠷᠭ᠎ᠠ ᠴᠢᠨᠠᠷ ᠲᠠᠢ ᠡᠪᠡᠳᠴᠢᠨ ᠤ ᠵᠢᠱᠢᠶ᠎ᠡ ᠶᠢ ᠰᠢᠯᠵᠢᠭᠦᠯᠦᠨ ᠵᠥᠭᠡᠭᠡᠪᠦᠷᠢᠯᠡᠬᠦ | ᠲᠦᠷᠭᠡᠨ ᠠᠪᠤᠷᠠᠯᠳᠠ ᠶᠢᠨ ᠲᠡᠷᠭᠡ ᠪᠠ ᠲᠥᠪᠯᠡᠷᠡᠭᠦᠯᠦᠨ ᠲᠤᠰᠠᠭᠠᠷᠯᠠᠬᠤ ᠴᠡᠭ ᠵᠡᠷᠭᠡ ᠬᠦᠷᠢᠶ᠎ᠡ ᠴᠠᠷᠠᠭ᠎ᠠ ᠶᠢ | ᠠᠷᠢᠭᠤᠳᠬᠠᠬᠤ ᠠᠵᠢᠯ ᠢ ᠦ᠋ᠢᠴᠡᠳᠭᠡᠵᠤ᠂ ᠠᠷᠢᠭᠤᠳᠬᠠᠬᠤ ᠠᠵᠢᠯ ᠪᠠ ᠦᠷ᠎ᠡ ᠪᠦᠲᠦᠮᠵᠢ ᠶᠢ ᠦᠨᠡᠯᠡᠬᠦ ᠠᠵᠢᠯ ᠢ | ᠡᠮᠬᠢ ᠵᠢᠷᠤᠮ ᠲᠠᠢ ᠦᠷᠨᠢᠬᠦᠯᠵᠤ ᠪᠠᠶᠢᠨ᠎ᠠ᠃ | ᠰᠤᠷᠪᠤᠯᠵᠢᠯᠠᠭᠴᠢ᠄ ᠣᠲᠣ ᠶᠢᠨ ᠪᠠᠶᠢᠭ᠎ᠠ ᠣᠨᠣᠰᠢᠯᠠᠭᠳᠠᠭᠰᠠᠨ ᠡᠪᠡᠳᠴᠢᠲᠡᠨ ᠢ ᠠᠪᠤᠷᠠᠨ ᠵᠠᠰᠠᠬᠤ ᠠᠵᠢᠯ ᠤᠨ ᠠᠬᠢᠴᠠ | ᠶᠠᠮᠠᠷ ᠵᠡᠷᠭᠡ ᠪᠣᠶ︖ ᠡᠵᠡᠨ᠎ᠡ ᠶᠢᠨ ᠡᠮᠴᠢᠯᠡᠭᠡᠨ ᠤ ᠨᠥᠬᠦᠴᠡᠯ ᠨᠢ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ | ᠠᠪᠤᠷᠠᠨ ᠵᠠᠰᠠᠬᠤ ᠬᠡᠷᠡᠭᠴᠡᠭᠡ ᠶᠢ ᠬᠠᠩᠭᠠᠵᠤ ᠳᠡᠶᠢᠯᠬᠦ ᠤᠤ︖ | ᠬᠠᠷᠢᠭᠤᠯᠲᠠ᠄ 10 ᠰᠠᠷ᠎ᠠ ᠶᠢᠨ 23 ᠤ ᠡᠳᠦᠷ ᠤᠨ 14 ᠴᠠᠭ ᠪᠣᠯᠲᠠᠯ᠎ᠠ᠂ ᠡᠵᠡᠨ᠎ᠡ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠲᠡᠨ ᠢ ᠨᠡᠶᠢᠲᠡ 24 ᠭᠥᠯᠢᠶᠡᠨ | ᠠᠪᠴᠤ ᠡᠮᠨᠡᠨ ᠵᠠᠰᠠᠪᠠ᠂ ᠡᠭᠦᠨ ᠳᠤ 14 ᠬᠥᠩᠭᠡᠨ ᠬᠡᠯᠪᠡᠷᠢ᠂ 10 ᠡᠩ ᠤᠨ ᠬᠡᠯᠪᠡᠷᠢ᠂ ᠬᠦᠨᠳᠦ ᠬᠡᠯᠪᠡᠷᠢ᠂ | ᠬᠦᠨᠳᠦ ᠲᠦᠭᠰᠢᠭᠦᠷᠢᠲᠡᠶ ᠬᠡᠯᠪᠡᠷᠢ ᠶᠢᠨ ᠡᠪᠡᠳᠴᠢᠲᠡᠨ ᠥᠬᠡᠶ᠃ ᠤᠯᠤᠰ᠂ ᠥᠪᠡᠷᠲᠡᠭᠡᠨ ᠵᠠᠰᠠᠬᠤ ᠣᠷᠣᠨ ᠤ | ᠲᠤᠰᠬᠠᠶ ᠮᠡᠷᠭᠡᠵᠢᠯᠲᠡᠳ ᠠᠪᠤᠷᠠᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠡᠪᠡᠳᠴᠢᠲᠡᠨ | ᠨᠢᠭᠡᠪᠦᠷᠢ ᠳᠤ ︽ᠨᠢᠭᠡ ᠬᠥᠮᠦᠨ ᠳᠤ ᠨᠢᠭᠡ ᠠᠷᠭ᠎ᠠ ᠬᠡᠮᠵᠢᠶ᠎ᠠ ᠲᠠᠢ ᠪᠠᠶᠢᠯᠭᠠᠬᠤ︾ ᠡᠮᠨᠡᠨ ᠵᠠᠰᠠᠬᠤ ᠲᠥᠰᠦᠯ ᠢ | ᠰᠤᠳᠤᠯᠤᠨ ᠲᠣᠭᠲᠠᠭᠠᠵᠤ᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠨ ᠡᠮᠨᠡᠨ ᠵᠠᠰᠠᠬᠤ ᠶᠢ ᠭᠡᠷᠡᠭᠵᠢᠬᠦᠯᠵᠤ | ᠪᠤᠢ᠃ ᠣᠳᠣᠬᠠᠨ ᠳᠤ ᠡᠪᠡᠳᠴᠢᠲᠡᠨ ᠤ ᠡᠪᠡᠳᠴᠢᠨ ᠤ ᠪᠠᠶᠢᠳᠠᠯ ᠲᠣᠭᠲᠠᠭᠤᠨ ᠪᠠᠶᠢᠨ᠎ᠠ᠃ |