ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠵᠣᠣ ᠣᠪᠣᠭᠲᠤ ᠶᠢᠨ  ᠠᠵᠢᠯᠯᠠᠭ᠎ᠠ ᠶᠢᠨ ᠵᠠᠮ ᠮᠥᠷ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2021/10/24
   10 ᠰᠠᠷ᠎ᠠ ᠶᠢᠨ 22᠎ ᠤᠨ ᠡᠳᠦᠷ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠠᠷ ᠳᠡᠮᠵᠢᠨ ᠳᠠᠬᠢᠨ ᠬᠢᠨᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠨ ᠣᠨᠣᠰᠢᠯᠠᠵᠤ ᠲᠣᠭᠲᠠᠭᠠᠭᠰᠠᠨ ᠢᠶᠠᠷ᠂ ᠰᠢᠨ᠎ᠡ ᠪᠠᠷ ᠨᠡᠮᠡᠭᠳᠡᠭᠰᠡᠨ ᠳᠣᠲᠣᠯᠠᠭᠰᠠᠨ ᠡᠪᠡᠳᠴᠢᠨ ᠤ ᠵᠢᠱᠢᠶ᠎ᠡ 4 ᠪᠠᠶᠢᠵᠤ᠂ ᠡᠵᠡᠨ᠎ᠡ ᠬᠤᠰᠢᠭᠤᠨ ᠤ 20᠂ 21᠂ 22᠂ 23 ᠳ᠋ᠤᠭᠠᠷ ᠣᠨᠣᠰᠢᠯᠠᠭᠰᠠᠨ ᠡᠪᠡᠳᠴᠢᠨ ᠤ ᠵᠢᠱᠢᠶ᠎ᠡ  ᠪᠤᠯᠪᠠ᠃ ᠣᠳᠣᠬᠠᠨ ᠳᠤ ᠳᠡᠳᠡᠨ ᠢ ᠨᠢᠭᠡᠨᠲᠡ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠬᠦᠷᠭᠡᠨ ᠲᠤᠰᠠᠭᠠᠷᠯᠠᠨ ᠡᠮᠨᠡᠭᠦᠯᠵᠦ  ᠪᠠᠶᠢᠬᠤ ᠪᠦᠬᠡᠳ‌ᠡᠪᠡᠳᠴᠢᠲᠡᠨ ᠤ ᠡᠪᠡᠳᠴᠢᠨ ᠤ ᠪᠠᠶᠢᠳᠠᠯ  ᠲᠣᠭᠲᠠᠭᠤᠨ ᠪᠠᠶᠢᠨ᠎ᠠ᠃    1 . ᠣᠨᠣᠰᠢᠯᠠᠭᠳᠠᠭᠰᠠᠨ ᠡᠪᠡᠳᠴᠢᠲᠡᠨ 20᠄ ᠵᠣᠣ ᠣᠪᠣᠭᠲᠤ᠂ ᠡᠮᠡᠭᠲᠡᠶ᠂ 45 ᠨᠠᠰᠤᠲᠠᠶ᠂ ᠣᠳᠣ ᠡᠵᠡᠨ᠎ᠡ ᠬᠤᠰᠢᠭᠤᠨ ᠤ  ᠳᠠᠯᠠᠶᠢᠬᠦ᠋ᠪ ᠪᠠᠯᠭᠠᠰᠤᠨ ᠤ ᠴᠢᠨ ᠶᠤᠸᠠᠨ ᠰᠠᠭᠤᠭᠠᠯᠢ ᠲᠣᠭᠤᠷᠢᠭ ᠲᠤ ᠰᠠᠭᠤᠵᠤ ᠪᠠᠶᠢᠨ᠎ᠠ᠃ ᠡᠳᠦᠷ ᠪᠦᠷᠢ ᠦᠨᠳᠦᠰᠦᠨ ᠳᠡᠭᠡᠨ  ᠦᠪᠡᠷ ᠤᠨ ᠡᠵᠡᠩᠨᠡᠵᠦ ᠪᠠᠢᠭ᠎ᠠ ᠮᠧᠶ ᠰᠧ ᠰᠢᠦᠸᠠᠨ  ᠦᠰᠦ ᠵᠠᠰᠠᠬᠤ ᠭᠠᠵᠠᠷ  ᠎ ᠲᠠᠭᠠᠨ ᠠᠵᠢᠯᠯᠠᠵᠦ ᠪᠠᠶᠢᠳᠠᠭ᠃ 10 ᠰᠠᠷ᠎ᠠ ᠶᠢᠨ 16᠎ ᠤ ᠡᠳᠦᠷ  ᠎ ᠠᠴᠠ 20᠎ ᠤ ᠡᠳᠦᠷ ᠤᠨ ᠬᠤᠭᠤᠷᠣᠨᠳᠣ᠂ ᠲᠢᠶᠠᠨ ᠯᠦᠩ ᠪᠠᠭᠤᠳᠠᠯ ᠤᠨ ᠡᠰᠡᠷᠭᠦ ᠲᠠᠯ᠎ᠠ ᠶᠢᠨ ᠶᠢᠨ ᠷᠦᠩ ᠡᠮ ᠤᠨ ᠳᠡᠯᠭᠡᠭᠦᠷ᠂  ᠴᠢᠩᠬᠢᠰ ᠵᠠᠬ᠎ᠠ ᠳᠡᠯᠭᠡᠭᠦᠷ ᠪᠠ ᠵᠢᠶ  ᠎ ᠲᠤ  ᠲᠦᠷᠭᠡᠨ ᠬᠦᠷᠭᠡᠯᠲᠡ ︵ᠤᠶᠤᠲᠠᠳ ᠤᠨ  ᠦᠢᠯᠡᠰ ᠴᠣᠭᠴᠠᠯᠠᠬᠤ ᠵᠡᠭᠡᠯᠢ ᠶᠢᠨ ᠳᠡᠯᠭᠡᠭᠦᠷ︶᠎ ᠳᠤ ᠬᠦᠷᠴᠦ ᠥᠩᠭᠡᠷᠡᠪᠡ᠃    2 . ᠣᠨᠣᠰᠢᠯᠠᠭᠳᠠᠭᠰᠠᠨ ᠡᠪᠡᠳᠴᠢᠲᠡᠨ 21᠄ ᠭᠤᠤ ᠣᠪᠣᠭᠲᠤ᠂ ᠡᠷᠡᠭᠲᠡᠢ᠂ 82 ᠨᠠᠰᠤᠲᠠᠢ᠂ ᠣᠳᠣ ᠡᠵᠡᠨ᠎ᠡ ᠬᠤᠰᠢᠭᠤᠨ ᠤ  ᠳᠠᠯᠠᠶᠢᠬᠦ᠋ᠪ  ᠪᠠᠯᠭᠠᠰᠤᠨ ᠤ  ᠎ ᠲᠠᠢ ᠬᠤᠤ ᠰᠠᠭᠤᠭᠠᠯᠢ ᠲᠣᠭᠤᠷᠢᠭ ᠲᠤ ᠰᠠᠭᠤᠵᠤ ᠪᠠᠶᠢᠨ᠎ᠠ᠃ 10 ᠰᠠᠷ᠎ᠠ ᠶᠢᠨ 13᠎ ᠤ ᠡᠳᠦᠷ ᠠᠴᠠ 17᠎ ᠤ ᠡᠳᠦᠷ ᠪᠣᠯᠲᠠᠯ᠎ᠠ᠂ ᠡᠳᠦᠷ ᠪᠦᠷᠢ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ ᠡᠮᠨᠡᠭᠦᠯᠵᠦ᠂ 18᠎ ᠤ ᠡᠳᠦᠷ ᠠᠴᠠ 21᠎ ᠤ ᠡᠳᠦᠷ ᠪᠣᠯᠲᠠᠯ᠎ᠠ ᠬᠡᠷ ᠲᠡᠭᠡᠨ ᠰᠠᠭᠤᠵᠤ ᠭᠠᠳᠠᠭᠰᠢ ᠭᠠᠷᠤᠭᠰᠠᠨ ᠥᠬᠡᠶ᠃    3 . ᠣᠨᠣᠰᠢᠯᠠᠭᠳᠠᠭᠰᠠᠨ ᠡᠪᠡᠳᠴᠢᠲᠡᠨ 22᠄ ᠹᠠᠨ ᠣᠪᠣᠭᠲᠤ᠂ ᠡᠷᠡᠭᠲᠡᠶ᠂ 51 ᠨᠠᠰᠤᠲᠠᠶ᠂ ᠣᠳᠣ ᠡᠵᠡᠨ᠎ᠡ ᠬᠤᠰᠢᠭᠤᠨ ᠤ  ᠳᠠᠯᠠᠶᠢᠬᠦ᠋ᠪ  ᠪᠠᠯᠭᠠᠰᠤᠨ ᠤ ᠲᠢᠶᠠᠨ ᠹᠦ᠋ ᠰᠠᠭᠤᠭᠠᠯᠢ ᠲᠣᠭᠤᠷᠢᠭ ᠲᠤ ᠰᠠᠭᠤᠵᠤ ᠪᠠᠶᠢᠨ᠎ᠠ᠃ 10 ᠰᠠᠷ᠎ᠠ ᠶᠢᠨ 15᠎ ᠤ ᠡᠳᠦᠷ ᠠᠴᠠ 18᠎ ᠤ ᠡᠳᠦᠷ ᠪᠣᠯᠲᠠᠯ᠎ᠠ  ᠪᠠᠶᠠᠠᠲᠤᠤᠷᠠᠢ ᠰᠤᠮᠤᠨ ᠳᠤ ᠬᠦᠷᠴᠦ ᠣᠷᠣᠰᠢᠭᠤᠯᠭ᠎ᠠ ᠶᠢᠨ ᠶᠣᠰᠣᠯᠠᠯ ᠳᠤ ᠣᠷᠣᠯᠴᠠᠵᠤ᠂ ᠶᠢᠨ  ᠹᠸᠡᠭ ᠶᠤᠸᠠᠨ ᠠᠮᠤ ᠲᠤᠰᠤᠨ ᠤ ᠳᠡᠯᠭᠡᠭᠦᠷ ᠲᠤ ᠬᠦᠷᠴᠦ ᠥᠩᠭᠡᠷᠡᠪᠡ︔ 19᠎ ᠤ ᠡᠳᠦᠷ ᠠᠴᠠ 21᠎ ᠤ ᠡᠳᠦᠷ ᠤᠨ ᠬᠤᠭᠤᠷᠣᠨᠳᠣ᠂ ᠪᠥᠭᠡᠮ ᠬᠦᠴᠢᠯ ᠤᠨ ᠥᠯᠢᠭᠡᠷ  ᠠᠪᠬᠠᠭᠤᠯᠬᠤ ᠠᠴᠠ ᠭᠠᠳᠠᠨ᠎ᠠ᠂ ᠪᠤᠰᠤᠳ ᠴᠠᠭ ᠲᠤ ᠬᠡᠷ ᠲᠡᠭᠡᠨ  ᠰᠠᠭᠤᠵᠤ ᠪᠠᠶᠢᠪᠠ᠃    4 . ᠣᠨᠣᠰᠢᠯᠠᠭᠳᠠᠭᠰᠠᠨ ᠡᠪᠡᠳᠴᠢᠲᠡᠨ 23᠄ ᠰᠢᠶᠤᠤ ᠣᠪᠣᠭᠲᠤ᠂ ᠡᠷᠡᠭᠲᠡᠶ᠂ 31 ᠨᠠᠰᠤᠲᠠᠶ᠂ ᠣᠳᠣ ᠡᠵᠡᠨ᠎ᠡ ᠬᠤᠰᠢᠭᠤᠨ ᠤ  ᠳᠠᠯᠠᠶᠢᠬᠦ᠋ᠪ ᠪᠠᠯᠭᠠᠰᠤᠨ ᠤ ᠸᠠᠩ ᠤᠨ ᠣᠷᠳᠣᠨ ᠨᠢᠭᠡᠳᠦᠭᠡᠷ ᠨᠤᠮᠧᠷᠳᠦ ᠰᠠᠭᠤᠭᠠᠯᠢ ᠲᠣᠭᠤᠷᠢᠭ ᠲᠤ ᠰᠠᠭᠤᠵᠤ ᠪᠠᠶᠢᠨ᠎ᠠ᠃ ᠣᠨᠣᠰᠢᠯᠠᠭᠰᠠᠨ ᠡᠪᠡᠳᠴᠢᠨ ᠤ ᠵᠢᠱᠢᠶ᠎ᠡ 3 ᠬᠦᠢ ᠣᠪᠣᠭᠲᠤ ᠶᠢᠨ ᠡᠷ᠎ᠡ ᠨᠥᠬᠦᠷ ᠪᠣᠯᠤᠨ᠎ᠠ᠃ 10 ᠰᠠᠷ᠎ᠠ ᠶᠢᠨ 14᠎ ᠤ ᠡᠳᠦᠷ ᠠᠴᠠ 17᠎ ᠤ ᠡᠳᠦᠷ ᠪᠣᠯᠲᠠᠯ᠎ᠠ  ᠰᠠᠶᠢᠬᠠᠨᠳᠤᠤᠷᠠᠢ ᠥᠷᠲᠡᠭᠡ᠂ ᠺᠠᠩ ᠠᠨ ᠡᠮ ᠤᠨ ᠳᠡᠯᠭᠡᠭᠦᠷ᠂ ᠵᠢᠤᠢ ᠶᠠᠨ ᠤ ᠰᠣᠶᠣᠯ ᠤᠨ ᠬᠤᠲᠠ ᠶᠢᠨ ᠳᠡᠯᠭᠡᠭᠦᠷ᠂ ᠴᠢᠤᠸᠠᠨ‌‍ᠴᠢᠤᠸᠠᠨ ᠪᠠᠭ᠎ᠠ ᠬᠡᠲᠦ ᠳᠡᠯᠭᠡᠭᠦᠷ᠂ ᠸᠠᠩ  ᠯᠤᠤ ᠳ᠋ᠠ PVC ᠬᠤᠭᠤᠯᠠᠶ ᠶᠢᠨ ᠦᠢᠯᠡᠰ᠂ ᠶᠢᠨ ᠹᠸᠡᠭ ᠶᠤᠸᠠᠨ ᠵᠢᠶᠠ ᠴᠧᠩ  ᠳᠡᠯᠬᠡᠬᠦᠷ ᠲᠤ ᠬᠦᠷᠴᠦ ᠥᠩᠭᠡᠷᠡᠭᠰᠡᠨ ᠪᠥᠭᠡᠳ ᠰᠡᠭᠦᠯᠡᠷ ᠨᠢ ᠲᠥᠪᠯᠡᠷᠡᠭᠦᠯᠦᠨ  ᠳᠤᠰᠠᠭᠠᠷᠯᠠᠭᠳᠠᠪᠠ᠃    ᠣᠳᠣᠬᠠᠨ ᠳᠤ᠂ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠤᠯᠤᠰ ᠤᠨ ᠳᠣᠲᠣᠭᠠᠳᠤ ᠶᠢᠨ ᠣᠯᠠᠨ ᠮᠤᠵᠢ ᠣᠷᠣᠨ ᠳᠤ ᠲᠤᠬᠠᠶ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ ᠢᠯᠡᠷᠡᠵᠡᠢ᠃ ᠬᠢᠵᠢᠭ ᠤᠨ ᠪᠠᠶᠢᠳᠠᠯ ᠢ ᠨᠡᠩ ᠪᠦᠲᠦᠮᠵᠢᠲᠡᠢ ᠰᠡᠷᠭᠡᠶᠢᠯᠡᠨ ᠡᠵᠡᠮᠳᠡᠬᠦ ᠶᠢᠨ ᠲᠥᠯᠥᠭᠡ᠂ ᠠᠳᠡ ᠰᠠᠭᠤᠭᠠᠯᠢ ᠠᠷᠠᠳ ᠲᠤ ᠠᠩᠬᠠᠷᠤᠭᠤᠯᠬᠤ ᠨᠢ  ᠄     ᠨᠢᠭᠡ ᠳᠤ᠂ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ ᠳᠡᠭᠡᠷᠡᠬᠢ ᠡᠪᠡᠳᠴᠢᠨ ᠤ ᠵᠢᠱᠢᠶ᠎ᠡ ᠶᠢᠨ ᠠᠵᠢᠯᠯᠠᠭ᠎ᠠ ᠲᠠᠢ ᠳᠠᠪᠬᠤᠴᠠᠭᠰᠠᠨ ᠬᠥᠮᠦᠨ ᠪᠠᠶᠢᠪᠠᠯ᠂ ᠳᠠᠷᠤᠶ ᠲᠦᠷᠭᠡᠨ ᠪᠠᠶᠢᠭ᠎ᠠ ᠨᠡᠶᠢᠭᠡᠮ ᠲᠣᠭᠤᠷᠢᠭ᠂ ᠨᠢᠭᠡᠴᠢ ᠳᠡᠭᠡᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠰᠠᠭᠤᠭᠠᠯᠢ ᠠᠷᠠᠳ ᠬᠢᠵᠢᠭ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠰᠠᠶᠢᠲᠤᠷ  ᠬᠠᠮᠵᠢᠯᠴᠠᠨ ᠬᠢᠭᠡᠷᠡᠶ᠃   ᠬᠤᠶᠠᠷ ᠲᠤ᠂ ᠡᠷᠡᠭᠦᠯ ᠮᠡᠨᠳᠦ ᠶᠢᠨ ᠠᠵᠢᠭᠯᠠᠯᠲᠠ  ᠬᠢᠬᠡᠷᠡᠢ᠃ ᠰᠠᠭᠤᠭᠠᠯᠢ ᠠᠷᠠᠳ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ ᠴᠠᠭ ᠲᠤᠬᠠᠶ ᠳᠤᠨᠢ ᠠᠮᠠᠪᠴᠢ ᠵᠡᠭᠦᠵᠦ ᠬᠠᠯᠠᠭᠤᠷᠠᠯ ᠤᠨ ᠡᠭᠦᠳᠡᠨ ᠡᠮᠨᠡᠯᠭᠡ ᠲᠠᠢ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠦᠭᠡᠷᠡᠶ᠃    ᠭᠤᠷᠪᠠ ᠳᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠨ᠎ᠠ᠃ ᠴᠤᠭᠯᠠᠷᠠᠵᠦ ᠪᠥᠭᠡᠮᠨᠡᠷᠡᠭᠦ ᠥᠬᠡᠶ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ ᠶᠢ ᠪᠡᠶᠡᠯᠡᠭᠦᠯᠵᠦ᠂ ︽1 ᠮᠧᠲᠷ ᠤᠨ ᠱᠤᠭᠤᠮ︾᠎ ᠤᠨ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠸᠠᠺᠼᠢᠨ ᠤ  ᠳᠠᠷᠢᠯᠭ᠎ᠠ ᠶᠢ ᠡᠷᠲᠡᠬᠡᠨ  ᠳᠠᠷᠢᠭᠠᠷᠠᠢ᠃     ᠳᠠᠭᠠᠯᠳᠤᠭᠤᠯᠤᠯ᠄ ᠠᠯᠠᠱᠠ ᠠᠶᠢᠮᠠᠭ ᠵᠢᠴᠢ ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠷᠢᠯᠴᠠᠬᠤ ᠤᠲᠠᠰᠤ᠄     ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0483— 8336105     ᠠᠯᠠᠱᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0483—8582006     ᠠᠯᠠᠱᠠ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0483—2289018    ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0483—6526181   ᠡᠵᠡᠨ᠎ᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ᠄ 0483—6521923    ᠡᠵᠡᠨ᠎ᠡ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0483—3963016᠂ 15204834131          ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                          2021 ᠣᠨ ᠤ 10  ᠰᠠᠷ᠎ᠠ ᠶᠢᠨ 23᠎ ᠤ ᠡᠳᠦᠷ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号