ᠬᠠᠯᠠᠭᠤᠷᠠᠯ᠂ ᠬᠠᠨᠢᠶᠠᠳᠤ ᠶᠢᠨ ᠡᠮ ᠤᠨ ᠬᠤᠳᠠᠯᠳᠤᠭ᠎ᠠ ᠶᠢ ᠵᠣᠭᠰᠣᠭᠠᠨ᠎ᠠ
ᠨᠡᠶᠢᠲᠡᠯᠡᠭᠰᠡᠨ ᠴᠠᠭ᠄
2021/10/24
 ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠶᠢᠨ ᠳᠠᠭᠠᠤ᠂ ᠬᠠᠯᠳᠠᠪᠤᠷᠢ ᠶᠢ ᠵᠣᠭᠰᠣᠭᠠᠵᠤ᠂ ᠢᠷᠭᠡᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠶᠢᠨ ᠡᠷᠡᠭᠦᠯ ᠮᠡᠨᠳᠦ ᠶᠢ ᠪᠠᠲᠤᠯᠠᠬᠤ ᠵᠣᠷᠢᠯᠭ᠎ᠠ ᠪᠠᠷ᠂ ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ ᠤᠨ ᠮᠡᠳᠡᠭᠳᠡᠯ ᠢ ᠲᠠᠭᠠᠨ ᠵᠢᠷᠤᠮᠯᠠᠵᠤ᠂ 10 ᠳ᠋ᠤᠭᠠᠷ ᠰᠠᠷ᠎ᠠ ᠶᠢᠨ 22᠎ ᠤᠨ ᠡᠳᠦᠷ ᠠᠴᠠ ᠡᠬᠢᠯᠡᠨ᠂ ᠠᠯᠠᠱᠠ ᠵᠡᠭᠦᠨ ᠬᠤᠰᠢᠭᠤᠨ ᠤ ᠪᠥᠬᠦ ᠬᠤᠰᠢᠭᠤᠨ ᠤ ᠬᠡᠪᠴᠢᠶᠡᠨ ᠳᠠᠬᠢ ᠡᠮ ᠬᠤᠳᠠᠯᠳᠤᠬᠤ ᠠᠵᠤ ᠠᠬᠤᠶᠢᠯᠠᠯ ᠤᠨ ᠬᠠᠯᠠᠭᠤᠷᠠᠯ ᠢ ᠳᠠᠷᠤᠬᠤ ᠡᠮ᠂ ᠬᠠᠨᠢᠶᠠᠳᠤ ᠶᠢ ᠵᠣᠭᠰᠣᠭᠠᠬᠤ ᠡᠮ᠂ ᠸᠢᠷᠦ᠋ᠰ ᠢ ᠳᠠᠷᠤᠬᠤ ᠡᠮ᠂ ᠨᠢᠶᠠᠨ ᠳᠠᠷᠤᠬᠤ ᠡᠮ ︵ᠴᠠᠬᠢᠮ ᠰᠦᠯᠵᠢᠶ᠎ᠡ ᠪᠠᠷ ᠪᠣᠷᠣᠯᠠᠭᠤᠯᠬᠤ ᠶᠢ ᠪᠠᠭᠲᠠᠭᠠᠨ᠎ᠠ︶᠎ ᠤᠨ ᠬᠤᠳᠠᠯᠳᠤᠭ᠎ᠠ ᠶᠢ ᠵᠣᠭᠰᠣᠭᠠᠨ᠎ᠠ᠃ ᠨᠠᠷᠢᠨ ᠤᠴᠢᠷ ᠢ ᠠᠳᠡ ᠵᠠᠷᠯᠠᠨ ᠨᠡᠶᠢᠲᠡᠯᠡᠶ᠎ᠡ᠄ ᠨᠢᠭᠡ᠂ ᠡᠮ ᠤᠨ ᠳᠡᠯᠭᠡᠭᠦᠷ ᠤᠳ ᠲᠤ ᠪᠣᠷᠣᠯᠠᠭᠤᠯᠬᠤ ᠬᠠᠯᠠᠭᠤᠷᠠᠯ ᠢ ᠳᠠᠷᠤᠬᠤ ᠡᠮ᠂ ᠬᠠᠨᠢᠶᠠᠳᠤ ᠶᠢ ᠵᠣᠭᠰᠣᠭᠠᠬᠤ ᠡᠮ᠂ ᠸᠢᠷᠦ᠋ᠰ ᠢ ᠳᠠᠷᠤᠬᠤ ᠡᠮ᠂ ᠨᠢᠶᠠᠨ ᠳᠠᠷᠤᠬᠤ ᠡᠮ ︵ᠴᠠᠬᠢᠮ ᠰᠦᠯᠵᠢᠶ᠎ᠡ ᠪᠠᠷ ᠪᠣᠷᠣᠯᠠᠭᠤᠯᠬᠤ ᠶᠢ ᠪᠠᠭᠲᠠᠭᠠᠨ᠎ᠠ︶᠎ ᠤᠨ ᠬᠤᠳᠠᠯᠳᠤᠭ᠎ᠠ ᠶᠢ ᠲᠦᠷ ᠵᠣᠭᠰᠣᠭᠠᠨ᠎ᠠ᠃ ᠬᠤᠶᠠᠷ᠂ ᠢᠷᠭᠡᠳ ᠤᠳ ᠬᠡᠷᠪᠡ ᠲᠣᠯᠣᠭᠠᠶ ᠡᠪᠡᠳᠴᠦ ᠬᠠᠯᠠᠭᠤᠷᠠᠬᠤ᠂ ᠬᠠᠨᠢᠶᠠᠵᠤ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ ᠵᠡᠷᠭᠡ ᠬᠡᠪ ᠤᠨ ᠪᠤᠰᠤ ᠢᠯᠡᠷᠡᠯ ᠲᠠᠢ ᠪᠠᠶᠢᠪᠠᠯ᠂ ᠳᠠᠷᠤᠶ ᠲᠦᠷᠭᠡᠨ ᠬᠤᠪᠢ ᠶᠢᠨ ᠬᠠᠮᠠᠭᠠᠯᠠᠯᠲᠠ ᠪᠠᠨ ᠰᠠᠶᠢᠲᠤᠷ ᠬᠢᠬᠦ ᠶᠢᠨ ᠬᠠᠮᠲᠤ ᠬᠠᠯᠠᠭᠤᠷᠠᠯ ᠢ ᠡᠮᠴᠢᠯᠡᠬᠦ ᠡᠮᠨᠡᠯᠭᠡ ᠶᠢᠨ ᠬᠤᠷᠢᠶᠠᠨ ᠳᠤ ᠬᠦᠷᠴᠦ ᠡᠮᠴᠢᠯᠡᠭᠦᠯᠬᠦ ᠬᠡᠷᠡᠭᠲᠡᠶ᠃ ᠡᠮ ᠬᠤᠳᠠᠯᠳᠤᠬᠤ ᠠᠵᠤ ᠠᠬᠤᠶᠢᠯᠠᠯ ᠤᠳ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠨ ᠵᠠᠷᠯᠠᠯ ᠢ ᠴᠢᠩᠭ᠎ᠠ ᠬᠡᠷᠡᠭᠵᠢᠭᠦᠯᠦᠨ᠂ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠲᠠᠢ ᠬᠤᠯᠪᠣᠭᠠᠲᠠᠢ ᠬᠠᠤᠯᠢ ᠳᠦᠷᠢᠮ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠪᠡᠯ ᠴᠢᠩᠭ᠎ᠠ ᠠᠷᠭ᠎ᠠ ᠬᠡᠮᠵᠢᠶ᠎ᠡ ᠠᠪᠬᠤ ᠪᠣᠯᠣᠨ᠎ᠠ᠃ ᠪᠢᠳᠠ ᠪᠦᠭᠦᠳᠡᠭᠡᠷ ᠢᠶᠠᠨ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠵᠤ ᠂ ᠱᠤᠤᠭᠢᠶᠠᠨ ᠳᠤᠤᠯᠢᠶᠠᠨ ᠳᠡᠭᠳᠡᠭᠡᠬᠦ ᠦᠭᠡᠢ ᠪᠠᠷ᠂ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠢ ᠢᠳᠡᠪᠬᠢᠲᠡᠢ ᠬᠠᠮᠵᠢᠯᠴᠠᠵᠤ᠂ ᠬᠤᠯᠪᠣᠭᠳᠠᠬᠤ ᠳᠦᠷᠢᠮ ᠵᠢᠷᠤᠮ ᠢ ᠴᠢᠩᠭ᠎ᠠ ᠰᠠᠬᠢᠵᠤ᠂ ᠬᠠᠯᠳᠠᠪᠤᠷᠢ ᠠᠴᠠ ᠰᠡᠷᠭᠡᠶᠢᠯᠡᠬᠦ ᠪᠠᠲᠤ ᠪᠠᠬᠢ ᠬᠠᠯᠬᠠᠪᠴᠢ ᠶᠢ ᠪᠣᠢ ᠪᠣᠯᠭᠠᠨ᠂ ᠳᠤᠤᠭᠠᠷᠪᠠᠯ ᠳᠠᠭᠤ ᠨᠢᠭᠡᠲᠡᠢ᠂ ᠳᠤᠭᠲᠤᠷᠪᠠᠯ ᠬᠦᠴᠦ ᠨᠢᠭᠡᠲᠡᠢ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠤᠨ ᠢᠯᠠᠯᠲᠠ ᠶᠢ ᠣᠯᠰᠤᠭᠠᠢ᠃ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2021 ᠣᠨ ᠤ 10 ᠳ᠋ᠤᠭᠠᠷ ᠰᠠᠷ᠎ᠠ ᠶᠢᠨ 22
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号