ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠬᠤᠶᠠᠳᠤᠭᠠᠷ ᠡᠭᠡᠯᠵᠢ ᠶᠢᠨ  ᠪᠥᠭᠡᠮ ᠬᠦᠴᠢᠯ ᠤᠨ ᠰᠢᠨᠵᠢᠯᠡᠭᠡᠨ ᠤ ᠬᠠᠷᠢᠭᠤ ᠪᠦᠭᠦᠳᠡ ᠰᠥᠭᠡᠷᠬᠦ ᠭᠠᠷᠴᠠᠢ
ᠨᠡᠶᠢᠲᠡᠯᠡᠭᠰᠡᠨ ᠴᠠᠭ᠄
2021/10/24
 10 ᠳ᠋ᠤᠭᠠᠷ ᠰᠠᠷ᠎ᠠ ᠶᠢᠨ 22᠎ ᠤ ᠡᠳᠦᠷ ᠤᠨ 11 ᠴᠠᠭ ᠠᠴᠠ ᠡᠬᠢᠯᠡᠨ᠂ ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ ᠠᠴᠠ ᠪᠠᠶᠠᠨᠬᠤᠲᠠ ᠪᠠᠯᠭᠠᠰᠤ ᠶᠢᠨ ᠲᠣᠭᠤᠷᠢᠭ ᠤᠨ ᠪᠦᠬᠦ ᠬᠥᠮᠥᠰ ᠤᠨ ᠬᠤᠶᠠᠳᠤᠭᠠᠷ ᠡᠭᠡᠯᠵᠢ ᠶᠢᠨ  ᠪᠥᠭᠡᠮ ᠬᠦᠴᠢᠯ ᠤᠨ ᠰᠢᠨᠵᠢᠯᠡᠭᠡ ᠶᠢ ᠡᠬᠢᠯᠡᠭᠦᠯᠵᠦ᠂  ᠥᠷᠭᠡᠨ ᠤᠯᠠᠨ ᠺᠠᠳ᠋ᠷ ᠠᠵᠢᠯᠳᠠᠨ᠂ ᠰᠠᠶᠢᠨ ᠳᠤᠷ᠎ᠠ ᠶᠢᠨ ᠠᠵᠢᠯᠯᠠᠭᠴᠢ ᠨᠠᠷ᠂  ᠲᠤᠬᠠᠢ ᠶᠢᠨ ᠲᠠᠯᠠᠪᠤᠷ ᠲᠤ ᠰᠢᠭᠤᠷᠬᠠᠶᠢᠯᠠᠨ ᠠᠵᠢᠯᠯᠠᠵᠤ᠂ ᠢᠷᠭᠡᠳ ᠤᠨ ᠢᠳᠡᠪᠬᠢᠲᠡᠶ  ᠣᠷᠣᠯᠴᠠᠭᠰᠠᠨ ᠢᠶᠠᠷ᠂ ᠨᠡᠶᠢᠲᠡ 121232 ᠬᠥᠮᠦᠨ ᠠᠴᠠ ᠰᠢᠨᠵᠢᠯᠡᠭᠡᠨ ᠤ ᠰᠣᠷᠢᠴᠠ ᠠᠪᠴᠤ  ᠂  ᠰᠢᠨᠵᠢᠯᠡᠭᠡᠨ ᠳᠤ ᠬᠠᠮᠤᠷᠤᠭᠳᠠᠭᠰᠠᠨ ᠪᠦᠬᠦ ᠬᠠᠷᠢᠭᠤ ᠨᠢ ᠴᠥᠮ ᠰᠥᠭᠡᠷᠬᠦ ᠭᠠᠷᠤᠭᠰᠠᠨ ᠪᠠᠶᠢᠨ᠎ᠠ᠃  ᠠᠯᠠᠱᠠ ᠵᠡᠭᠦᠨ ᠬᠤᠰᠢᠭᠤᠨ ᠤ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠣᠳᠣᠬᠠᠨ ᠳᠤ ᠬᠠᠮᠤᠭ ᠵᠠᠩᠭᠢᠯᠠᠭ᠎ᠠ ᠶᠢᠨ ᠨᠥᠬᠦᠴᠡᠯ ᠪᠠᠶᠢᠳᠠᠯ ᠳᠤ ᠪᠠᠶᠢᠭ᠎ᠠ ᠪᠣᠯᠬᠤᠷ ᠬᠥᠮᠥᠨ ᠪᠦᠬᠦᠨ ᠵᠠᠪᠠᠯ ᠠᠩᠬᠠᠷᠤᠯ ᠳᠠᠭᠠᠨ ᠠᠪᠬᠤ ᠬᠡᠷᠡᠭᠲᠡᠢ᠃  ᠪᠢᠳᠠ ᠪᠦᠭᠦᠳᠡᠭᠡᠷ ᠢᠶᠠᠨ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠵᠤ᠂ ᠱᠤᠤᠭᠢᠶᠠᠨ ᠳᠤᠤᠯᠢᠶᠠᠨ ᠳᠡᠭᠳᠡᠭᠡᠬᠦ ᠦᠭᠡᠢ ᠪᠠᠷ᠂  ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠢ ᠢᠳᠡᠪᠬᠢᠲᠡᠢ ᠬᠠᠮᠵᠢᠯᠴᠠᠵᠤ᠂ ᠬᠤᠯᠪᠣᠭᠳᠠᠬᠤ ᠳᠦᠷᠢᠮ ᠵᠢᠷᠤᠮ ᠢ ᠴᠢᠩᠭ᠎ᠠ ᠰᠠᠬᠢᠵᠤ᠂ ᠬᠠᠯᠳᠠᠪᠤᠷᠢ ᠠᠴᠠ ᠰᠡᠷᠭᠡᠶᠢᠯᠡᠬᠦ ᠪᠠᠲᠤ ᠪᠠᠬᠢ ᠬᠠᠯᠬᠠᠪᠴᠢ ᠶᠢ ᠪᠣᠢ ᠪᠣᠯᠭᠠᠨ᠂ ᠳᠤᠤᠭᠠᠷᠪᠠᠯ ᠳᠠᠭᠤ ᠨᠢᠭᠡᠲᠡᠢ᠂ ᠳᠤᠭᠲᠤᠷᠪᠠᠯ ᠬᠦᠴᠦ ᠨᠢᠭᠡᠲᠡᠢ ᠪᠠᠷ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠤᠨ ᠢᠯᠠᠯᠲᠠ ᠶᠢ ᠣᠯᠰᠤᠭᠠᠢ᠃   ᠢᠷᠡᠯᠲᠡ᠄ ᠲᠡᠮᠡᠭᠡᠲᠦ ᠨᠤᠲᠤᠭ ᠴᠠᠬᠢᠮ ᠲᠠᠪᠴᠠᠩ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号