ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ ᠤᠨ ᠠᠷᠪᠠᠨ ᠲᠠᠪᠤᠳᠤᠭᠠᠷ ᠠᠯᠪᠠᠨ ᠵᠠᠷ
ᠨᠡᠶᠢᠲᠡᠯᠡᠭᠰᠡᠨ ᠴᠠᠭ᠄
2021/10/24
ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠶᠢᠨ ᠳᠠᠭᠠᠤ᠂ ᠬᠠᠯᠳᠠᠪᠤᠷᠢ ᠶᠢ ᠦᠭᠡᠶᠢᠰᠬᠡᠵᠦ᠂ ᠢᠷᠭᠡᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ ᠠᠴᠠ᠂ 10 ᠳ᠋ᠤᠭᠠᠷ ᠰᠠᠷ᠎ᠠ ᠶᠢᠨ 23᠎ ᠤ ᠡᠳᠦᠷ ᠤᠨ 9᠄ 00 ᠴᠠᠭ ᠠᠴᠠ ᠡᠬᠢᠯᠡᠨ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠬᠤᠲᠠ ᠶᠢᠨ ᠬᠠᠷᠢᠶᠠᠨ ᠳᠠᠬᠢ ᠬᠥᠮᠥᠰ ᠢ ᠭᠤᠷᠪᠠᠳᠤᠭᠠᠷ ᠡᠭᠡᠯᠵᠢ ᠶᠢᠨ ᠪᠥᠭᠡᠮ ᠬᠦᠴᠢᠯ ᠤᠨ ᠰᠢᠨᠵᠢᠯᠡᠭᠡᠨ ᠳᠤ ᠬᠠᠮᠤᠷᠤᠭᠤᠯᠬᠤ ᠪᠠᠷ ᠪᠣᠯᠣᠭᠰᠠᠨ ᠪᠠᠶᠢᠨ᠎ᠠ᠃  ᠬᠤᠯᠪᠣᠭᠳᠠᠬᠤ ᠵᠦᠢᠯ ᠢ ᠠᠳᠡ ᠵᠠᠷᠯᠠᠨ ᠨᠡᠶᠢᠲᠡᠯᠡᠶ᠎ᠡ᠄ ᠪᠥᠭᠡᠮ ᠬᠦᠴᠢᠯ ᠤᠨ ᠰᠢᠨᠵᠢᠯᠡᠭᠡᠨ ᠳᠤ ᠬᠠᠮᠤᠷᠤᠭᠳᠠᠬᠤ ᠬᠥᠮᠥᠰ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠠᠵᠢᠯᠲᠠᠨ ᠤ ᠮᠡᠳᠡᠭᠳᠡᠯ ᠤᠨ ᠵᠢᠭᠠᠪᠤᠷᠢᠴᠢᠯᠭ᠎ᠠ ᠶᠢ ᠳᠠᠭᠠᠵᠤ᠂ ᠲᠣᠭᠲᠠᠭᠠᠭᠰᠠᠨ ᠭᠠᠵᠠᠷ ᠲᠤ ᠬᠦᠷᠴᠦ ᠪᠥᠭᠡᠮ ᠬᠦᠴᠢᠯ ᠤᠨ ᠰᠢᠨᠵᠢᠯᠡᠭᠡᠨ ᠤ ᠰᠣᠷᠢᠴᠠ ᠠᠪᠬᠤ ᠬᠡᠷᠡᠭᠲᠡᠶ᠃ ᠰᠢᠨᠵᠢᠯᠡᠭᠡᠨ ᠤ ᠰᠣᠷᠢᠴᠠ ᠠᠪᠬᠤ ᠳᠤ᠂ ᠵᠠᠪᠠᠯ ᠠᠮᠠᠪᠴᠢ ᠪᠠᠨ ᠵᠥᠪ ᠵᠡᠭᠦᠵᠦ᠂ ᠲᠤᠬᠠᠶ ᠶᠢᠨ ᠲᠠᠯᠠᠪᠤᠷ ᠤᠨ ᠠᠵᠢᠯᠲᠠᠨ ᠤ ᠵᠢᠯᠣᠭᠤᠳᠣᠯᠭ᠎ᠠ ᠶᠢ ᠳᠠᠭᠠᠵᠤ᠂ ᠬᠤᠭᠤᠷᠣᠨᠳᠤ ᠶᠢᠨ ᠵᠠᠢ ᠪᠠᠨ ᠪᠠᠷᠢᠵᠤ᠂ ᠱᠠᠭᠠᠷᠳᠠᠯᠭ᠎ᠠ ᠶᠢᠨ ᠳᠠᠭᠠᠤ ᠤᠬᠠᠮᠰᠠᠷ ᠠᠴᠠ ᠪᠠᠨ ᠡᠮᠬᠢ ᠴᠡᠭᠴᠡ ᠲᠠᠢ ᠮᠥᠷᠯᠡᠨ ᠵᠢᠭᠰᠠᠵᠤ᠂ ᠪᠥᠭᠡᠮᠨᠡᠷᠡᠨ ᠴᠤᠭᠯᠠᠷᠠᠬᠤ ᠥᠬᠡᠶ ᠪᠠᠶᠢᠬᠤ ᠶᠢ ᠠᠩᠬᠠᠷᠬᠤ ᠬᠡᠷᠡᠭᠲᠡᠢ᠃ ᠣᠳᠣᠬᠠᠨ ᠳᠤ ᠮᠠᠨ ᠤ ᠬᠤᠰᠢᠭᠤᠨ ᠤ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠨᠢᠭᠡᠨᠲᠡ ᠬᠠᠮᠤᠭ ᠤᠨ ᠴᠢᠬᠤᠯᠠ ᠵᠠᠩᠭᠢᠯᠠᠭ᠎ᠠ ᠶᠢᠨ ᠱᠠᠲᠤᠨ ᠳᠤ ᠬᠦᠷᠦᠭᠰᠡᠨ ᠪᠣᠯᠬᠤᠷ ᠵᠠᠪᠠᠯ ᠠᠩᠬᠠᠷᠤᠯ ᠢᠶᠠᠨ ᠬᠠᠨᠳᠤᠭᠤᠯᠬᠤ ᠬᠡᠷᠡᠭᠲᠡᠢ᠃  ᠢᠷᠭᠡᠳ ᠤᠳ ᠦᠷᠭᠦᠯᠵᠢᠯᠡᠨ ᠢᠳᠡᠪᠬᠢᠲᠡᠢ ᠬᠠᠮᠵᠢᠯᠴᠠᠵᠤ᠂ ᠪᠥᠭᠡᠮ ᠬᠦᠴᠢᠯ ᠤᠨ  ᠰᠢᠨᠵᠢᠯᠡᠭᠡᠨ ᠤ ᠰᠣᠷᠢᠴᠠ ᠠᠪᠬᠤ ᠠᠵᠢᠯ ᠢ ᠦᠷᠭᠦᠯᠵᠢᠯᠡᠨ ᠳᠡᠮᠵᠢᠵᠦ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂  ᠬᠤᠪᠢ ᠶᠢᠨ ᠬᠠᠮᠠᠭᠠᠯᠠᠯᠲᠠ ᠪᠠᠨ ᠴᠢᠩᠭᠠᠳᠬᠠᠵᠤ᠂ ᠪᠡᠶ᠎ᠡ ᠶᠢᠨ ᠡᠷᠡᠭᠦᠯ ᠮᠡᠨᠳᠦ ᠪᠠᠨ ᠠᠩᠬᠠᠷᠴᠤ᠂ ᠵᠥᠪ ᠰᠠᠶᠢᠬᠠᠨ ᠠᠮᠢᠳᠤᠷᠠᠯ ᠤᠨ ᠬᠡᠪ ᠵᠣᠷᠰᠢᠯ ᠢ ᠪᠣᠢ ᠪᠣᠯᠭᠠᠨ ᠬᠠᠮᠲᠤᠪᠠᠷ ᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠤᠨ ᠢᠯᠠᠯᠲᠠ ᠶᠢ ᠤᠯᠬᠤ ᠶᠢ ᠤᠷᠢᠶᠠᠯᠠᠵᠤ ᠪᠠᠶᠢᠨ᠎ᠠ᠃    ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ ᠭᠠᠵᠠᠷ     2021 ᠣᠨ ᠤ 10 ᠳ᠋ᠤᠭᠠᠷ ᠰᠠᠷ᠎ᠠ ᠶᠢᠨ 23
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号