ᠣᠳᠣᠬᠠᠨ ᠳᠤ ᠠᠯᠠᠱᠠ ᠤ ᠠᠶᠢᠮᠠᠭ ᠤᠨ ᠬᠢᠵᠢᠭ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ | ᠰᠠᠭᠤᠭᠠᠯᠢ ᠠᠷᠠᠳ ᠤᠨ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠢ ᠬᠢᠷᠢ ᠵᠡᠷᠭᠡ ᠬᠢᠭᠰᠡᠨ ᠨᠢ ᠥᠷᠭᠡᠨ ᠣᠯᠠᠨ | ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠨ᠎ᠠ᠃ | ᠤᠳᠤᠬᠠᠨ ᠳᠤ᠂ ᠪᠠᠶᠠᠨᠬᠤᠲᠠ ᠪᠠᠯᠭᠠᠰᠤᠨ ᠤ ᠬᠤᠲᠠ ᠶᠢᠨ ᠲᠣᠭᠤᠷᠢᠭ ᠤᠨ ᠪᠣᠳᠠᠲᠤ ᠪᠠᠶᠢᠳᠠᠯ ᠢ ᠦᠨᠳᠦᠰᠦᠯᠡᠨ᠂ | ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠰᠠᠭᠤᠴᠠ ᠶᠢᠨ ᠲᠣᠭᠤᠷᠢᠭ᠂ ᠥᠪᠡᠰᠦᠪᠡᠨ ᠬᠠᠮᠢᠶᠠᠷᠬᠤ ᠲᠣᠭᠤᠷᠢᠭ᠂ | ᠠᠳᠠᠯ ᠠᠬᠤᠶ ᠶᠢᠨ ᠬᠠᠮᠢᠶᠠᠷᠤᠯᠲᠠ ᠦᠭᠡᠢ ᠣᠷᠣᠨ ᠰᠠᠭᠤᠴᠠ ᠶᠢᠨ ᠠᠰᠠᠷ᠂ ᠪᠠᠶᠢᠰᠢᠩ ᠬᠡᠷ ᠤᠨ ᠲᠣᠭᠤᠷᠢᠭ ᠭᠡᠵᠦ | 4 ᠲᠥᠷᠥᠯ ᠬᠤᠪᠢᠶᠠᠨ᠎ᠠ᠃ ᠡᠭᠦᠨ ᠳᠤ᠂ 80 ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠰᠠᠭᠤᠴᠠ ᠶᠢᠨ | ᠲᠣᠭᠤᠷᠢᠭ᠂ 54 ᠥᠪᠡᠷᠲᠡᠭᠡᠨ ᠬᠠᠮᠢᠶᠠᠷᠬᠤ ᠲᠣᠭᠤᠷᠢᠭ᠂ 36 ᠠᠳᠠᠯ ᠠᠬᠤᠶ ᠶᠢᠨ ᠬᠠᠮᠢᠶᠠᠷᠤᠯᠲᠠ ᠥᠬᠡᠶ ᠣᠷᠣᠨ | ᠰᠠᠭᠤᠴᠠ ᠠᠰᠠᠷ ᠪᠠ ᠨᠢᠭᠡᠳᠦᠯᠲᠡᠶ ᠪᠠᠶᠢᠭᠤᠯᠤᠭᠰᠠᠨ ᠠᠰᠠᠷ ᠪᠠᠶᠢᠪᠠ᠃ | | | | | | | | | | | ᠠᠶᠢᠮᠠᠭ᠂ ᠬᠤᠰᠢᠭᠤᠨ ᠤ ᠡᠯ᠎ᠡ ᠳᠠᠭᠠᠭᠠᠴᠢᠯᠠᠨ ᠬᠠᠷᠢᠯᠴᠠᠬᠤ ᠨᠢᠭᠡᠴᠢ᠂ ᠲᠦᠷ ᠴᠠᠭ ᠤᠨ ᠨᠠᠮ ᠤᠨ ᠡᠭᠦᠷ ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠵᠡᠷᠭᠡ ᠶᠢ | ᠪᠠᠶᠢᠭᠤᠯᠪᠠ᠂ ᠪᠠᠰᠠ ᠨᠡᠶᠢᠬᠡᠮ ᠲᠣᠭᠤᠷᠢᠭ ᠤᠨ ᠠᠷᠠᠳ ᠤᠨ ᠴᠠᠭᠳᠠᠭ᠎ᠠ ᠲᠣᠬᠢᠷᠠᠭᠤᠯᠵᠤ᠂ ︽ᠬᠤᠶᠠᠷ ᠵᠥᠪᠯᠡᠯ︾ ᠤᠨ | ᠪᠠᠭ ᠤᠨ ᠪᠦᠷᠢᠯᠳᠦᠬᠦᠨ᠂ ᠲᠤᠤᠷᠠᠯᠵᠢ ᠶᠢᠨ ᠠᠵᠢᠯᠲᠠᠨ᠂ ᠺᠠᠳ᠋ᠷ ᠠᠵᠢᠯᠲᠠᠨ ᠠᠵᠢᠯᠴᠢᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠪᠦᠷᠢᠯᠳᠦᠬᠦᠨ᠂ | ᠠᠳᠠᠯ ᠠᠬᠤᠶ ᠶᠢᠨ ᠺᠣᠮᠫᠠᠨᠢ ᠵᠡᠷᠭᠡ ᠲᠤᠤᠷ ᠰᠦᠯᠵᠢᠶᠡᠨ ᠤ ᠬᠦᠴᠦᠨ᠂ 24 ᠴᠠᠭ ᠢᠶᠠᠷ ᠡᠭᠡᠯᠵᠢᠯᠡᠨ ᠬᠠᠮᠢᠶᠠᠷᠤᠨ | ᠡᠵᠡᠮᠳᠡᠬᠦ ᠳᠦᠷᠢᠮ ᠢ ᠬᠡᠷᠡᠭᠵᠢᠭᠦᠯᠵᠦ᠂ ᠡᠬᠡ ᠳᠠᠩᠰᠠ ᠪᠠᠶᠢᠭᠤᠯᠤᠨ᠂ ᠭᠠᠳᠠᠨ᠎ᠠ ᠠᠴᠠ ᠢᠷᠡᠭᠰᠡᠨ ᠬᠥᠮᠦᠰ ᠪᠠ ᠲᠡᠷᠭᠡ | ᠬᠥᠰᠬᠡ ᠶᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠂ ᠪᠡᠶ᠎ᠡ ᠶᠢᠨ ᠳᠤᠯᠠᠭᠠᠨ ᠤ ᠪᠠᠶᠢᠴᠠᠭᠠᠯᠲᠠ᠂ ᠮᠡᠳᠡᠭᠡ | ᠵᠠᠩᠭᠢ ᠴᠤᠭᠯᠠᠭᠤᠯᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠠᠰᠠ ᠥᠮᠴᠢᠲᠡᠨ ᠤ ᠸᠢᠴᠠᠲ ᠤᠨ ᠴᠤᠭᠯᠠᠷᠠᠯ | ᠵᠡᠷᠭᠡ ᠪᠠᠷ ᠳᠠᠮᠵᠢᠨ ᠬᠥᠳᠡᠯᠦᠩᠭᠦᠶ ᠬᠢᠨᠠᠨ ᠬᠡᠮᠵᠢᠬᠦ ᠬᠠᠮᠢᠶᠠᠷᠤᠯᠲᠠ ᠬᠢᠪᠡ᠃ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |