ᠠᠯᠠᠱᠠ ᠵᠡᠭᠦᠨ ᠬᠤᠰᠢᠭᠤᠨ ᠤ ᠨᠠᠮ ᠤᠨ ᠭᠡᠰᠢᠭᠦᠨ ᠤ ᠬᠤᠰᠢᠭᠤᠴᠢ ᠠᠩᠭᠢ ᠬᠦᠴᠦᠨ ᠢᠶᠠᠨ ᠲᠥᠪᠯᠡᠷᠡᠭᠦᠯᠦᠨ ᠬᠢᠵᠢᠭ ᠲᠠᠢ ᠲᠡᠮᠡᠴᠡᠵᠦ ᠪᠣᠢ
ᠨᠡᠶᠢᠲᠡᠯᠡᠭᠰᠡᠨ ᠴᠠᠭ᠄
2021/10/25
ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠬᠢᠵᠢᠭ ᠲᠠᠢ ᠲᠡᠮᠡᠴᠡᠬᠦ ᠡᠨᠡ ᠬᠦ ᠲᠡᠷᠢ ᠶᠢᠨ ᠣᠲᠤᠭ᠎ᠠ ᠥᠬᠡᠶ ᠲᠡᠶᠢᠨ ᠤ ᠲᠠᠯᠠᠪᠤᠷ ᠲᠤ᠂ ᠠᠯᠠᠱᠠ ᠵᠡᠭᠦᠨ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠠᠩᠭᠢ ᠶᠢ ᠪᠦᠷᠢᠯᠳᠦᠭᠦᠯᠵᠦ᠂ ᠡᠷᠡᠰ ᠰᠢᠭᠤᠷᠬᠠᠶ ᠪᠠᠷ ᠡᠮᠦᠨ᠎ᠡ ᠹᠷᠣᠨᠲ ᠤᠨ ᠰᠡᠷᠭᠡᠶᠢᠯᠡᠨ ᠡᠵᠡᠮᠳᠡᠬᠦ ᠠᠵᠢᠯ ᠳᠤ ᠣᠷᠤᠯᠴᠠᠪᠠ᠃
10 ᠳ᠋ᠤᠭᠠᠷ ᠰᠠᠷ᠎ᠠ ᠶᠢᠨ 21᠎ ᠤ ᠡᠳᠦᠷ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠰᠢᠨᠬᠤᠸᠠ ᠵᠡᠭᠡᠯᠢ ᠭᠤᠳᠤᠮᠵᠢ ᠶᠢ ᠳᠤᠮᠳᠠ ᠠᠶᠤᠯ ᠲᠦᠭᠰᠢᠭᠦᠷᠢ ᠲᠠᠢ ᠭᠠᠵᠠᠷ ᠣᠷᠣᠨ ᠢᠶᠠᠷ ᠲᠣᠭᠲᠠᠭᠠᠵᠤ᠂ ᠣᠷᠣᠨ ᠪᠦᠰᠡ ᠶᠢᠨ ᠳᠣᠲᠣᠷᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ ᠂ ᠵᠡᠭᠡᠯᠢ ᠭᠤᠳᠤᠮᠵᠢ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠲᠡᠷᠡ ᠳᠠᠷᠤᠶ ᠳᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠠᠮ ᠤᠨ ᠭᠡᠰᠢᠭᠦᠨ ᠤ ᠬᠤᠰᠢᠭᠤᠴᠢ ᠠᠩᠭᠢ ᠶᠢ ᠵᠣᠬᠢᠶᠠᠨ ᠪᠠᠶᠢᠭᠤᠯᠵᠤ᠂ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠡᠯ᠎ᠡ ᠠᠵᠢᠯ ᠤᠨ ᠪᠠᠶᠢᠷᠢ ᠶᠢ ᠲᠦᠷᠦᠭᠦᠯᠡᠨ ᠪᠠᠲᠤ ᠰᠠᠬᠢᠪᠠ᠃ ᠳᠠᠭᠠᠭᠠᠴᠢᠯᠠᠨ ᠬᠠᠷᠢᠯᠴᠠᠬᠤ ᠨᠢᠭᠡᠴᠢ᠂ ᠰᠠᠶᠢᠨ ᠲᠤᠷᠠᠴᠤᠳ ᠴᠤ ᠦᠳᠲᠡᠷ ᠲᠦᠷᠭᠡᠨ ᠡᠩᠨᠡᠭᠡ ᠳᠤ ᠣᠷᠣᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠦᠴᠢᠷ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠡᠮᠴᠢ ᠰᠤᠪᠢᠯᠠᠭᠴᠢ ᠶᠢ ᠬᠠᠪᠰᠤᠷᠤᠨ᠂ ᠲᠤᠬᠠᠶ ᠶᠢᠨ ᠲᠠᠯᠠᠪᠠᠶ ᠶᠢᠨ ᠡᠮᠬᠢ ᠳᠢᠭᠯᠢᠮ ᠢ ᠬᠠᠮᠠᠭᠠᠯᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠨᠡᠶᠢᠭᠡᠮ ᠲᠣᠭᠤᠷᠢᠭ ᠵᠢᠴᠢ ᠡᠷᠬᠢᠨ ᠲᠣᠭᠤᠷᠢᠨ ᠤ ᠲᠦᠮᠡ ᠭᠠᠷᠤᠶ ᠬᠥᠮᠦᠨ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠴᠢᠨ ᠪᠠᠬᠢᠯᠡᠯᠲᠡ ᠶᠢ ᠪᠥᠬᠦ ᠲᠠᠯ᠎ᠠ ᠪᠠᠷ ᠪᠠᠬᠢᠵᠢᠭᠦᠯᠪᠡ᠃
ᠠᠯᠠᠱᠠ ᠵᠡᠭᠦᠨ ᠬᠤᠰᠢᠭᠤᠨ ᠤ 25 ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠥᠯᠢᠭᠡᠷ ᠠᠪᠬᠤ ᠴᠡᠭ ᠲᠤ ᠂ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠰᠠᠨᠠᠭᠠᠴᠢᠯᠠᠭ᠎ᠠ ᠶᠢᠨ ᠪᠢᠴᠢᠭ ᠪᠠᠭᠤᠯᠭᠠᠵᠤ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠨᠢᠭᠲᠠᠷᠠᠨ ᠪᠦᠯᠬᠦᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠵᠠᠮ ᠢ ᠡᠷᠡᠰ ᠲᠠᠰᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠲᠣᠣᠷ ᠢ ᠨᠢᠭᠲᠠ ᠰᠦᠯᠵᠢᠬᠦ ᠶᠢ ᠰᠠᠨᠠᠭᠠᠴᠢᠯᠠᠪᠠ᠃ ᠠᠯᠠᠱᠠ ᠵᠡᠭᠦᠨ ᠬᠤᠰᠢᠭᠤᠨ ᠤ 534 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ 6800 ᠭᠠᠷᠤᠶ ᠨᠠᠮ ᠤᠨ ᠭᠡᠰᠢᠭᠦᠨ ᠺᠠᠳ᠋ᠷ ᠲᠡᠷᠡ ᠳᠠᠷᠤᠶ ᠳᠤᠨᠢ ᠴᠤᠤᠷᠢᠶᠠᠲᠤᠨ ᠳᠠᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ 482᠂ ᠨᠠᠮ ᠤᠨ ᠭᠡᠰᠢᠭᠦᠨ ᠤ ᠬᠤᠰᠢᠭᠤᠴᠢ ᠠᠩᠭᠢ 52᠎ ᠶᠢ ᠵᠣᠬᠢᠶᠠᠨ ᠪᠠᠶᠢᠭᠤᠯᠵᠤ᠂ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠥᠭᠡᠮ ᠬᠦᠴᠢᠯ ᠢ ᠰᠢᠯᠭᠠᠨ ᠪᠠᠶᠢᠴᠠᠭᠠᠬᠤ᠂ ᠮᠡᠳᠡᠭᠡ ᠵᠠᠩᠭᠢ ᠶᠢ ᠳᠠᠩᠰᠠᠯᠠᠬᠤ᠂ ᠰᠡᠵᠢᠭ ᠲᠥᠭᠡᠷᠢᠭᠳᠡᠯ ᠢ ᠲᠠᠶᠢᠯᠬᠤ᠂ ᠡᠳ᠋ ᠪᠣᠳᠠᠰ ᠢ ᠵᠥᠭᠡᠭᠡᠪᠦᠷᠢᠯᠡᠬᠦ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠬᠦᠴᠦᠨ ᠪᠣᠯᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠡᠷᠲᠡᠬᠡᠨ ᠤᠯᠬᠤ ᠳᠤ ᠬᠦᠴᠦᠨ ᠴᠢᠳᠠᠯ ᠢᠶᠠᠨ ᠡᠷᠭᠦᠪᠡ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号