ᠣᠷᠴᠢᠮ ᠢᠶᠠᠷ ᠨᠣᠭᠤᠭᠠᠨ ᠤ ᠦᠨ᠎ᠡ ᠶᠠᠭᠠᠬᠢᠭᠠᠳ ᠥᠰᠦᠭᠰᠡᠨ ᠪᠤᠢ︖
ᠨᠡᠶᠢᠲᠡᠯᠡᠭᠰᠡᠨ ᠴᠠᠭ᠄
2021/10/25
ᠣᠷᠴᠢᠮ ᠢᠶᠠᠷ ᠨᠣᠭᠤᠭᠠᠨ ᠤ ᠦᠨ᠎ᠡ ᠶᠠᠭᠠᠬᠢᠭᠠᠳ ᠥᠰᠦᠭᠰᠡᠨ ᠪᠤᠢ︖ ᠬᠠᠷᠢᠭᠤᠯᠲᠠ ᠠᠳᠡ ᠪᠠᠶᠢᠨ᠎ᠠ ᠣᠶᠢᠷ᠎ᠠ ᠶᠢᠨ ᠬᠤᠭᠤᠴᠠᠭᠠᠨ ᠳᠤ ᠪᠦᠬᠦ ᠤᠯᠤᠰ ᠤᠨ ᠢᠳᠡᠰᠢᠨ ᠨᠣᠭᠤᠭ᠎ᠠ ᠶᠢᠨ ᠦᠨ᠎ᠡ ᠶᠢᠨ ᠥᠰᠥᠯᠲᠡ ᠵᠢᠴᠢ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠪᠠᠶᠠᠨᠬᠤᠲᠠ ᠣᠷᠣᠨ ᠤ ᠢᠳᠡᠰᠢᠨ ᠨᠣᠭᠤᠭ᠎ᠠ ᠶᠢᠨ ᠦᠨ᠎ᠡ ᠪᠠᠰᠠ ᠦᠷᠭᠦᠯᠵᠢᠯᠡᠨ ᠥᠰᠪᠡ᠂ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ᠂ 10 ᠳ᠋ᠤᠭᠠᠷ ᠰᠠᠷ᠎ᠠ ᠶᠢᠨ 24᠎ ᠤ ᠡᠳᠦᠷ ᠂ ᠢᠳᠡᠰᠢᠨ ᠨᠣᠭᠤᠭ᠎ᠠ ᠶᠢᠨ ᠶᠡᠷᠦᠩᠬᠡᠶ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠨᠢ 3. 99 ᠲᠥᠭᠦᠷᠢᠭ / 500 ᠭᠷᠠᠮ ᠪᠣᠯᠤᠨ᠎ᠠ᠂ 10 ᠳ᠋ᠤᠭᠠᠷ ᠰᠠᠷ᠎ᠠ ᠶᠢᠨ 5᠎ ᠤ ᠡᠳᠦᠷ᠂ 20᠎ ᠤ ᠡᠳᠦᠷ ᠢ ᠬᠠᠷᠢᠴᠠᠭᠤᠯᠪᠠᠯ᠂ ᠲᠣᠰ ᠲᠣᠰ 49.44 %᠂ 12.08 %᠎ ᠪᠠᠷ ᠨᠡᠮᠡᠭᠳᠡᠪᠡ᠂ ᠢᠳᠡᠰᠢᠨ ᠨᠣᠭᠤᠭ᠎ᠠ ᠶᠢᠨ ᠦᠨ᠎ᠡ ᠦᠷᠭᠦᠯᠵᠢᠯᠡᠨ ᠥᠰᠬᠦ ᠪᠠᠶᠢᠳᠠᠯ ᠲᠠᠢ ᠪᠠᠶᠢᠨ᠎ᠠ᠃
ᠡᠭᠦᠨ ᠤ ᠰᠢᠯᠲᠠᠭᠠᠨ ᠨᠢ᠄ ᠨᠢᠭᠡ ᠳᠤ᠂ ᠵᠤᠨ ᠤ ᠤᠯᠠᠷᠢᠯ ᠤᠨ ᠢᠳᠡᠰᠢᠨ ᠨᠣᠭᠤᠭ᠎ᠠ ᠶᠢ ᠵᠠᠬ᠎ᠠ ᠳᠡᠯᠭᠡᠭᠦᠷ ᠲᠤ ᠭᠠᠷᠭᠠᠬᠤ ᠠᠵᠢᠯ ᠦᠨᠳᠦᠰᠦᠨ ᠳᠡᠭᠡᠨ ᠳᠠᠭᠤᠰᠴᠤ᠂ ᠨᠠᠮᠤᠷ ᠡᠪᠦᠯ ᠤᠨ ᠢᠳᠡᠰᠢᠨ ᠨᠣᠭᠤᠭ᠎ᠠ ᠪᠠᠭ᠎ᠠ ᠬᠡᠮᠵᠢᠶ᠎ᠡ ᠪᠠᠷ ᠵᠠᠬ᠎ᠠ ᠳᠡᠯᠭᠡᠭᠦᠷ ᠲᠤ ᠭᠠᠷᠤᠨ᠎ᠠ᠂ ᠡᠭᠦᠨ ᠤ ᠳᠡᠭᠡᠷ᠎ᠡ ᠡᠨᠡ ᠵᠢᠯ ᠬᠠᠯᠠᠭᠤᠨ ᠪᠠᠭᠤᠷᠠᠬᠤ ᠨᠢ ᠬᠤᠷᠳᠤᠨ᠂ ᠪᠣᠷᠣᠭᠠᠨ ᠤ ᠤᠰᠤ ᠠᠷᠪᠢᠨ᠂ ᠭᠤᠤᠯ ᠭᠠᠷᠤᠯᠲᠠ ᠶᠢᠨ ᠣᠷᠣᠨ ᠤ ᠢᠳᠡᠰᠢᠨ ᠨᠣᠭᠤᠭ᠎ᠠ ᠶᠢᠨ ᠥᠰᠥᠯᠲᠡ ᠤᠳᠠᠭᠠᠨ᠂ ᠭᠠᠷᠤᠯᠲᠠ ᠢᠯᠡᠳᠲᠡ ᠪᠠᠭᠤᠷᠠᠪᠠ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠡᠮᠵᠢᠶ᠎ᠡ ᠶᠢ ᠪᠠᠭᠠᠰᠬᠠᠪᠠ᠂ ᠨᠣᠭᠤᠭᠠᠨ ᠤ ᠦᠨ᠎ᠡ ᠢᠯᠡᠳᠲᠡ ᠥᠰᠪᠡ᠃ ᠬᠤᠶᠠᠷ ᠲᠤ᠂ ᠤᠯᠠᠷᠢᠯ ᠤᠨ ᠴᠢᠨᠠᠷᠲᠠᠶ᠂ ᠬᠤᠷᠣᠭᠳᠠᠯ ᠶᠡᠭᠡ᠂ ᠪᠣᠷᠣᠭᠠᠨ ᠤ ᠤᠰᠤ ᠵᠡᠷᠭᠡ ᠣᠯᠠᠨ ᠳᠠᠪᠬᠤᠷ ᠬᠦᠴᠦᠨ ᠵᠦᠢᠯ ᠠᠴᠠ ᠪᠣᠯᠵᠣ᠂ ᠬᠡᠰᠡᠭ ᠭᠠᠵᠠᠷ ᠣᠷᠣᠨ ᠤ ᠢᠳᠡᠰᠢᠨ ᠨᠣᠭᠤᠭ᠎ᠠ ᠪᠣᠷᠣᠭᠠᠨ ᠤ ᠤᠰᠤᠨ ᠳᠤ ᠳᠡᠪᠲᠦᠵᠦ ᠦᠨᠳᠦᠰᠦ ᠨᠢ ᠢᠯᠵᠢᠷᠡᠵᠦ᠂ ᠭᠤᠣᠯ ᠨᠢ ᠭᠡᠮᠲᠦᠵᠦ᠂ ᠲᠠᠷᠢᠶᠠᠨ ᠭᠠᠵᠠᠷ ᠲᠤ ᠨᠣᠭᠤᠭ᠎ᠠ ᠬᠤᠷᠢᠶᠠᠬᠤ ᠦᠶ᠎ᠡ ᠳᠤ᠂ ᠢᠳᠡᠰᠢᠨ ᠨᠣᠭᠤᠭ᠎ᠠ ᠶᠢᠨ ᠦᠨ᠎ᠡ ᠨᠢ ᠨᠢᠭᠡᠨᠲᠡ ᠥᠰᠴᠦ᠂ ᠬᠡᠰᠡᠭ ᠢᠳᠡᠰᠢᠨ ᠨᠣᠭᠤᠭ᠎ᠠ ᠶᠢᠨ ᠬᠤᠳᠠᠯᠳᠤᠬᠤ ᠦᠨ᠎ᠡ ᠨᠢ ᠥᠨᠳᠥᠷ ᠪᠣᠯᠣᠭᠠᠳ ᠬᠤᠳᠠᠯᠳᠤᠨ ᠠᠪᠬᠤ ᠬᠥᠮᠦᠨ ᠥᠬᠡᠶ ᠪᠣᠯᠵᠣ᠂ ᠨᠢᠭᠡᠨᠲᠡ ᠪᠠᠷᠠᠭ᠎ᠠ ᠪᠡᠯᠡᠳᠬᠡᠬᠦ ᠪᠠᠨ ᠪᠠᠭᠠᠰᠬᠠᠪᠠ᠃ ᠭᠤᠷᠪᠠ ᠳᠤ᠂ ᠡᠨᠡ ᠵᠢᠯ ᠠᠴᠠ ᠨᠠᠰᠢ᠂ ᠦᠷ᠎ᠡ᠂ ᠬᠢᠮᠢ ᠶᠢᠨ ᠪᠣᠷᠲᠣᠭᠤᠷ᠂ ᠲᠠᠷᠢᠶᠠᠨ ᠡᠮ ᠵᠡᠷᠭᠡ ᠶᠢᠨ ᠦᠨ᠎ᠡ ᠥᠰᠴᠦ᠂ ᠢᠳᠡᠰᠢᠨ ᠨᠣᠭᠤᠭ᠎ᠠ ᠳᠠᠷᠢᠬᠤ ᠥᠪᠡᠷ ᠤᠨ ᠥᠷᠲᠡᠭ ᠢ ᠨᠡᠮᠡᠭᠳᠡᠭᠦᠯᠵᠡᠶ︔ ᠲᠡᠷᠡᠴᠢᠯᠡᠨ ᠲᠣᠰᠣᠨ ᠤ ᠦᠨ᠎ᠡ ᠦᠷᠭᠦᠯᠵᠢᠯᠡᠨ ᠳᠡᠭᠡᠭᠰᠢᠯᠡᠵᠦ᠂ ᠲᠡᠭᠡᠭᠡᠪᠦᠷᠢ ᠶᠢᠨ ᠵᠠᠷᠤᠳᠠᠯ ᠤᠨ ᠨᠡᠮᠡᠭᠳᠡᠯ ᠢ ᠳᠠᠶᠢᠴᠢᠯᠠᠭᠰᠠᠨ ᠵᠡᠷᠭᠡ ᠨᠢ ᠪᠠᠰᠠ ᠨᠣᠭᠤᠭ᠎ᠠ ᠶᠢᠨ ᠦᠨ᠎ᠡ ᠶᠢᠨ ᠥᠰᠥᠯᠲᠡ ᠶᠢ ᠠᠬᠢᠭᠤᠯᠤᠭᠰᠠᠨ ᠪᠠᠶᠢᠨ᠎ᠠ᠃ ᠳᠥᠷᠪᠡ ᠳᠤ᠂ ᠡᠷᠬᠢᠨ ᠲᠣᠭᠤᠷᠢᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠠᠴᠠ ᠪᠣᠯᠵᠣ᠂ ᠪᠠᠶᠠᠨᠬᠤᠲᠠ ᠶᠢᠨ ᠢᠳᠡᠰᠢᠨ ᠨᠣᠭᠤᠭ᠎ᠠ ᠶᠢᠨ ᠬᠤᠳᠠᠯᠳᠤᠨ ᠠᠪᠬᠤ ᠦᠨ᠎ᠡ ᠬᠠᠩᠰᠢ ᠥᠰᠪᠡ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号