ᠠᠯᠠᠱᠠ ᠵᠡᠭᠦᠨ ᠬᠤᠰᠢᠭᠤᠨ ᠤ ᠡᠳ᠋ ᠪᠠᠷᠠᠭᠠᠨ ᠤ ᠨᠥᠭᠡᠴᠡ ᠭᠦᠢᠴᠡᠳ ᠵᠠᠬ᠎ᠠ ᠳᠡᠯᠭᠡᠭᠦᠷ ᠤᠨ ᠬᠠᠩᠭᠠᠯᠭ᠎ᠠ ᠤᠷᠤᠭᠰᠢᠲᠠᠢ ᠪᠠᠶᠢᠨ᠎ᠠ
ᠨᠡᠶᠢᠲᠡᠯᠡᠭᠰᠡᠨ ᠴᠠᠭ᠄
2021/10/25
ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠢᠳᠡᠪᠬᠢᠲᠡᠶ ᠠᠷᠭᠠᠴᠠᠭᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠦᠳᠲᠡᠷ ᠲᠦᠷᠭᠡᠨ ᠡᠬᠢᠯᠡᠭᠦᠯᠵᠦ᠂ ᠲᠣᠬᠢᠷᠠᠭᠤᠯᠵᠤ ᠳᠡᠶᠢᠯᠬᠦ᠂ ᠲᠦᠷᠭᠡᠨ ᠲᠣᠬᠢᠷᠠᠭᠤᠯᠬᠤ᠂ ᠭᠦᠢᠴᠡᠳ ᠬᠠᠩᠭᠠᠬᠤ ᠪᠠᠷ ᠬᠠᠷᠠᠯᠲᠠ ᠪᠣᠯᠭᠠᠵᠤ᠂ ᠡᠳ᠋ ᠪᠣᠳᠠᠰ ᠢ ᠲᠣᠬᠢᠷᠠᠭᠤᠯᠤᠨ ᠲᠡᠭᠡᠭᠡᠪᠦᠷᠢᠯᠡᠬᠦ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠳ᠋ ᠪᠣᠳᠠᠰ ᠢ ᠲᠣᠬᠢᠷᠠᠭᠤᠯᠤᠨ ᠲᠠᠷᠬᠠᠭᠠᠬᠤ ᠠᠵᠢᠯ ᠢ ᠵᠢᠷᠤᠮᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠲᠦᠷᠭᠡᠨ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ ᠥᠷᠨᠢᠭᠦᠯᠪᠡ᠃
ᠠᠯᠠᠱᠠ ᠵᠡᠭᠦᠨ ᠬᠤᠰᠢᠭᠤᠨ ᠤ ᠡᠳ᠋ ᠪᠣᠳᠠᠰ ᠨᠥᠭᠡᠴᠡᠯᠡᠬᠦ ᠬᠥᠮᠥᠷᠭᠡ ᠳᠤ ᠲᠦᠷᠦᠯ ᠵᠦᠢᠯ ᠬᠤᠪᠢᠶᠠᠵᠤ ᠲᠠᠯᠪᠢᠭᠰᠠᠨ ᠠᠷᠢᠭᠤᠳᠬᠠᠬᠤ ᠰᠢᠩᠭᠡᠨ᠂ ᠬᠥᠪᠥᠩ ᠬᠤᠪᠴᠠᠰᠤ᠂ ᠬᠥᠪᠥᠩ ᠱᠠᠬᠠᠢ᠂ ᠨᠡᠭᠦᠳᠡᠯ ᠴᠠᠬᠢᠯᠭᠠᠨ ᠲᠡᠷᠭᠡ᠂ ᠰᠢᠨ᠎ᠡ ᠡᠨᠧᠷᠭᠢ ᠶᠢᠨ ᠤᠰᠤ ᠰᠦᠷᠴᠢᠬᠦ ᠲᠡᠷᠭᠡ ᠵᠡᠷᠭᠡ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠪᠠᠶᠢᠨ᠎ᠠ᠃ ᠲᠤᠰ ᠡᠭᠡᠯᠵᠢ ᠶᠢᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠢᠭᠡᠳᠦᠯᠲᠡᠢ ᠲᠥᠯᠥᠪᠵᠢᠭᠦᠯᠬᠦ᠂ ᠬᠤᠳᠠᠯᠳᠤᠨ ᠠᠪᠬᠤ᠂ ᠰᠢᠯᠵᠢᠭᠦᠯᠦᠨ ᠥᠭᠬᠦ᠂ ᠲᠠᠷᠬᠠᠭᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠯᠠᠱᠠ ᠵᠡᠭᠦᠨ ᠬᠤᠰᠢᠭᠤᠨ ᠤ ᠬᠢᠵᠢᠭ ᠢ ᠰᠡᠷᠭᠡᠶᠢᠯᠡᠬᠦ ᠳᠤ ᠡᠳ᠋ ᠪᠣᠳᠠᠰ ᠤᠨ ᠪᠠᠲᠤᠯᠠᠭ᠎ᠠ ᠶᠢᠨ ᠱᠤᠭᠤᠮ ᠢ ᠡᠷᠡᠰ ᠰᠠᠬᠢᠨ ᠬᠠᠮᠠᠭᠠᠯᠠᠪᠠ᠃
ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠠᠯᠠᠱᠠ ᠵᠡᠭᠦᠨ ᠬᠤᠰᠢᠭᠤᠨ ᠤ ᠪᠣᠯᠪᠠᠰᠤᠷᠠᠭᠤᠯᠤᠭᠰᠠᠨ ᠠᠮᠤ ᠲᠣᠰᠣᠨ ᠤ ᠨᠥᠭᠡᠴᠡ ᠭᠦᠢᠴᠡᠳ ᠪᠠᠶᠢᠨ᠎ᠠ᠂ ᠥᠷᠭᠡᠨ ᠣᠯᠠᠨ ᠰᠠᠭᠤᠭᠠᠯᠢ ᠠᠷᠠᠳ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠣᠶᠤᠨᠴᠢ ᠪᠠᠷ ᠬᠤᠳᠠᠯᠳᠤᠨ ᠠᠪᠴᠤ᠂ ᠵᠣᠷᠢᠭᠤᠳᠠ ᠭᠡᠯᠮᠡᠭᠳᠡᠭᠦᠯᠬᠦ ᠥᠬᠡᠶ ᠪᠠᠶᠢᠵᠤ᠂ ︽ᠬᠢᠵᠢᠭ ᠲᠠᠢ ᠲᠡᠮᠡᠴᠡᠬᠦ︾ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠲᠣᠭᠲᠠᠭᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号