ᠠᠯᠠᠱᠠ ᠵᠡᠭᠦᠨ ᠬᠤᠰᠢᠭᠤᠨ ᠤ ᠣᠯᠠᠨ ᠡᠮᠴᠢᠯᠡᠭᠡᠨ ᠤ ᠪᠠᠶᠢᠭᠤᠯᠤᠮᠵᠢ ᠰᠤᠮᠤᠨ ᠳᠤ ᠭᠦᠨᠵᠡᠭᠡᠶᠢᠷᠡᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/10/27
10 ᠳ᠋ᠤᠭᠠᠷ ᠰᠠᠷ᠎ᠠ ᠶᠢᠨ 25᠎ ᠤ ᠥᠷᠯᠥᠭᠡ᠂ ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠶ ᠲᠣᠬᠢᠷᠠᠭᠤᠯᠤᠯᠲᠠ ᠪᠠᠷ᠂ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 64 ᠳᠤᠭᠤᠶᠢᠯᠠᠩ ᠤᠨ 128 ᠬᠥᠮᠦᠨ ᠤ ᠪᠥᠭᠡᠮ ᠬᠦᠴᠢᠯ ᠢ ᠰᠢᠯᠭᠠᠨ ᠪᠠᠶᠢᠴᠠᠭᠠᠬᠤ ᠡᠮᠴᠢᠯᠡᠭᠡᠨ ᠤ ᠠᠩᠭᠢ᠂ ᠠᠯᠠᠱᠠ ᠵᠡᠭᠦᠨ ᠬᠤᠰᠢᠭᠤᠨ ᠤ ᠭᠠᠵᠠᠷ ᠣᠷᠣᠨ ᠤ 9 ᠰᠤᠮᠤ ᠪᠠᠯᠭᠠᠰᠤ᠂ 18 ᠪᠥᠭᠡᠮ ᠬᠦᠴᠢᠯ ᠤᠨ ᠥᠯᠢᠭᠡᠷ ᠠᠪᠬᠤ ᠴᠡᠭ ᠲᠤ ᠣᠴᠢᠵᠤ᠂ ᠮᠠᠯᠵᠢᠬᠤ ᠲᠠᠷᠢᠶᠠᠯᠠᠬᠤ ᠣᠷᠣᠨ ᠤ ᠠᠷᠠᠳ ᠢᠷᠭᠡᠳ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠯᠢᠭᠡᠷ ᠠᠪᠬᠤ ᠠᠵᠢᠯ ᠢ ᠬᠢᠪᠡ᠃ ᠡᠨᠡ 128 ᠬᠥᠮᠦᠨ ᠨᠢ ᠠᠶᠢᠮᠠᠭ ᠤᠨ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ᠂ ᠠᠯᠠᠱᠠ ᠵᠡᠭᠦᠨ ᠬᠤᠰᠢᠭᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠵᠢᠴᠢ ᠠᠯᠠᠱᠠ ᠵᠡᠭᠦᠨ ᠬᠤᠰᠢᠭᠤᠨ ᠤ ᠭᠠᠵᠠᠷ ᠣᠷᠣᠨ ᠤ ᠬᠡᠰᠡᠭ ᠬᠤᠪᠢ ᠶᠢᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠨ ᠢᠶᠠᠷ ᠪᠦᠷᠢᠯᠳᠦᠵᠡᠶ᠃
ᠥᠷ ᠴᠠᠶᠢᠬᠤ ᠠᠴᠠ ᠡᠮᠦᠨ᠎ᠡ ᠠᠯᠠᠱᠠ ᠵᠡᠭᠦᠨ ᠬᠤᠰᠢᠭᠤᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠡᠮᠨᠡᠯᠭᠡ ᠶᠢᠨ 12 ᠬᠥᠮᠦᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠰᠠᠯᠪᠤᠷᠢ ᠠᠩᠭᠢ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠦᠨ᠎ᠡ ᠴᠤᠭᠯᠠᠷᠠᠵᠤ᠂ ᠡᠳ᠋ ᠪᠣᠳᠠᠰ ᠤᠨ ᠪᠡᠯᠡᠳᠬᠡᠯ ᠬᠢᠭᠰᠡᠨ ᠤ ᠳᠠᠷᠠᠭ᠎ᠠ᠂ ᠦᠳᠡ ᠶᠢᠨ ᠡᠮᠦᠨᠡᠬᠢ 7 ᠴᠠᠭ ᠲᠤ ᠪᠠᠶᠠᠨᠬᠤᠲᠠ ᠠᠴᠠ ᠮᠣᠷᠳᠠᠪᠠ᠂ ᠲᠡᠳᠡᠨ ᠤ ᠵᠣᠷᠢᠭᠰᠠᠨ ᠭᠠᠵᠠᠷ ᠪᠣᠯ ᠠᠯᠠᠱᠠ ᠵᠡᠭᠦᠨ ᠬᠤᠰᠢᠭᠤᠨ ᠤ ᠬᠠᠮᠤᠭ ᠤᠨ ᠡᠮᠦᠨ᠎ᠡ ᠵᠠᠬ᠎ᠠ ᠶᠢᠨ ᠤᠨᠳᠤᠷᠤᠯᠲᠤ ᠪᠠᠯᠭᠠᠰᠤ ᠪᠣᠯᠤᠨ᠎ᠠ᠃ ᠡᠨᠡ 12 ᠬᠥᠮᠦᠨ ᠨᠢ ᠴᠥᠮ ᠡᠮᠦᠨ᠎ᠡ ᠬᠡᠳᠦᠨ ᠡᠳᠦᠷ ᠠᠯᠠᠱᠠ ᠵᠡᠭᠦᠨ ᠬᠤᠰᠢᠭᠤᠨ ᠤ ᠭᠤᠷᠪᠠᠨ ᠡᠭᠡᠯᠵᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠣᠷᠣᠯᠴᠠᠵᠤ ᠥᠩᠭᠡᠷᠡᠭᠰᠡᠨ ᠡᠮᠴᠢ ᠰᠣᠪᠢᠯᠠᠭᠴᠢᠳ ᠪᠣᠯᠤᠨ᠎ᠠ᠂ ᠲᠠᠳᠠ ᠠᠮᠠᠷᠠᠵᠤ ᠠᠮᠵᠢᠭ᠎ᠠ ᠥᠬᠡᠶ᠂ ᠬᠡᠷ ᠤᠨ ᠬᠥᠮᠦᠰ ᠲᠠᠢ ᠪᠠᠨ ᠠᠭᠤᠯᠵᠠᠵᠤ ᠠᠮᠵᠢᠭ᠎ᠠ ᠥᠬᠡᠶ ᠪᠠᠷ ᠮᠠᠯᠵᠢᠬᠤ ᠣᠷᠣᠨ ᠳᠤ ᠰᠡᠩᠳᠡ ᠮᠡᠩᠳᠡ ᠭᠦᠷᠦᠭᠰᠡᠨ ᠪᠠᠶᠢᠨ᠎ᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号