ᠪᠦᠬᠦ ᠲᠠᠯ᠎ᠠ ᠪᠠᠷ ᠬᠢᠵᠢᠭ ᠲᠠᠢ ᠲᠡᠮᠡᠴᠡᠬᠦ ᠠᠵᠢᠯᠯᠠᠭ᠎ᠠ ᠦᠷᠨᠢᠭᠦᠯᠵᠦ ᠪᠣᠢ 
ᠨᠡᠶᠢᠲᠡᠯᠡᠭᠰᠡᠨ ᠴᠠᠭ᠄
2021/10/27
10 ᠳ᠋ᠤᠭᠠᠷ ᠰᠠᠷ᠎ᠠ ᠶᠢᠨ 19᠎ ᠤ ᠡᠳᠦᠷ ᠠᠴᠠ ᠨᠠᠭᠠᠰᠢ᠂ ᠡᠵᠡᠨ᠎ᠡ ᠬᠤᠰᠢᠭᠤ᠂ ᠠᠯᠠᠱᠠ ᠵᠡᠭᠦᠨ ᠬᠤᠰᠢᠭᠤ ᠤᠷᠢᠳ ᠬᠤᠵᠢᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠮᠡᠳᠡᠭᠦᠯᠪᠡ᠃
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ ᠂ ᠰᠡᠷᠭᠡᠶᠢᠯᠡᠨ ᠡᠵᠡᠮᠳᠡᠬᠦ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ᠃ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠨ ᠲᠢᠶᠠᠨ ᠨᠡᠶᠢᠭᠡᠮ ᠲᠣᠭᠤᠷᠢᠭ ᠦᠳᠲᠡᠷ ᠲᠦᠷᠭᠡᠨ ᠬᠥᠳᠡᠯᠦᠯᠴᠡᠵᠦ᠂ ᠡᠯ᠎ᠡ ᠠᠭᠤᠰᠤᠯᠴᠠᠭᠰᠠᠨ ᠨᠠᠮ ᠤᠨ ᠪᠠᠶᠢᠭᠤᠯᠤᠯᠲᠠ ᠶᠢᠨ ᠨᠢᠭᠡᠴᠢ ᠳᠤ ᠰᠠᠨᠠᠭᠠᠴᠢᠯᠠᠭ᠎ᠠ ᠶᠢᠨ ᠪᠢᠴᠢᠭ ᠶᠠᠪᠤᠭᠤᠯᠵᠤ᠂ ᠨᠡᠶᠢᠭᠡᠮ ᠲᠣᠭᠤᠷᠢᠭ ᠤᠨ 9 ᠠᠭᠤᠰᠤᠯᠴᠠᠭᠰᠠᠨ ᠨᠠᠮ ᠤᠨ ᠪᠠᠶᠢᠭᠤᠯᠤᠯᠲᠠ ᠶᠢᠨ ᠨᠢᠭᠡᠴᠢ ᠨᠡᠶᠢᠳᠡ 68 ᠨᠠᠮ ᠤᠨ ᠭᠡᠰᠢᠭᠦᠨ᠂ 63 ᠺᠠᠳ᠋ᠷ ᠲᠣᠮᠢᠯᠠᠨ ᠨᠡᠶᠢᠭᠡᠮ ᠲᠣᠭᠤᠷᠢᠭ ᠲᠤ ᠨᠡᠷ᠎ᠡ ᠮᠡᠳᠡᠭᠦᠯᠵᠦ᠂ ᠡᠮᠦᠨ᠎ᠡ ᠹᠷᠣᠨᠲ ᠤᠨ ︽ᠲᠠᠶᠢᠨ ᠤ ᠲᠠᠯᠠᠪᠤᠷ︾᠎ ᠲᠤ ᠬᠦᠷᠪᠡ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号