ᠠᠯᠠᠱᠠ ᠵᠡᠭᠦᠨ ᠬᠤᠰᠢᠭᠤ ᠡᠮᠴᠢᠯᠡᠭᠡᠨ ᠤ ᠬᠠᠶᠠᠭᠳᠠᠮᠠᠯ ᠪᠣᠳᠠᠰ ᠠᠮᠢᠳᠤᠷᠠᠯ ᠤᠨ ᠬᠤᠭ ᠨᠣᠪᠰᠢ ᠶᠢ ᠬᠡᠷᠬᠢᠨ ᠰᠢᠢᠳᠪᠦᠷᠢᠯᠡᠵᠦ ᠪᠠᠶᠢᠭ᠎ᠠ ᠪᠣᠢ︖
ᠨᠡᠶᠢᠲᠡᠯᠡᠭᠰᠡᠨ ᠴᠠᠭ᠄
2021/10/27
ᠡᠮᠴᠢᠯᠡᠭᠡᠨ ᠤ ᠬᠠᠶᠠᠭᠳᠠᠮᠠᠯ ᠪᠣᠳᠠᠰ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠠᠵᠢᠯ ᠢ ᠴᠤ ᠬᠤᠷᠢᠭ᠎ᠠ ᠱᠤᠭᠤᠮ ᠤᠨ ᠲᠡᠶᠢᠨ ᠤ ᠲᠠᠯᠠᠪᠤᠷ ᠭᠡᠳᠡᠭ᠂ ᠡᠨᠡ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠴᠦᠰ ᠤᠨ ᠰᠡᠷᠭᠡᠶᠢᠯᠡᠯᠲᠡ ᠶᠢᠨ ᠱᠤᠭᠤᠮ ᠪᠣᠯᠤᠨ᠎ᠠ᠃ ᠠᠯᠠᠱᠠ ᠠᠶᠢᠮᠠᠭ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠢ ᠢᠦᠶ ᠴᠧᠨ ᠣᠷᠴᠢᠨ ᠲᠣᠭᠤᠷᠢᠨ ᠤ ᠢᠨᠵᠧᠨᠧᠷᠢᠩ ᠤᠨ ᠬᠢᠵᠠᠭᠠᠷᠲᠤ ᠺᠣᠮᠫᠠᠨᠢ ᠡᠵᠡᠩᠨᠡᠵᠦ᠂ ᠠᠳᠡ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ᠂ 25 ᠰᠢᠯᠭᠠᠨ ᠪᠠᠶᠢᠴᠠᠭᠠᠬᠤ ᠴᠡᠭ᠂ ᠲᠤᠰᠠᠭᠠᠷᠯᠠᠬᠤ ᠴᠡᠭ᠂ ᠠᠨᠠᠭᠠᠬᠤ ᠤᠬᠠᠭᠠᠨ ᠤ ᠦᠯᠡᠳᠡᠭᠡᠬᠦ ᠦᠵᠡᠯᠲᠡ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠵᠢᠴᠢ ᠪᠢᠲᠡᠭᠦᠮᠵᠢᠯᠡᠨ ᠡᠵᠡᠮᠳᠡᠬᠦ ᠪᠠᠭ᠎ᠠ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠬᠤ᠂ ᠵᠦᠭᠡᠭᠡᠪᠦᠷᠢᠯᠡᠬᠦ᠂ ᠰᠢᠢᠳᠪᠦᠷᠢᠯᠡᠬᠦ ᠠᠵᠢᠯ ᠢ ᠡᠭᠦᠷᠭᠡᠯᠡᠵᠦ ᠪᠣᠶ᠃ ᠰᠢᠢᠳᠪᠦᠷᠢᠯᠡᠬᠦ ᠶᠠᠪᠤᠴᠠ ᠳᠤ ᠠᠵᠢᠯᠲᠠᠳ 134 ᠭᠷᠠᠳᠦ᠋ᠰ ᠠᠴᠠ ᠶᠡᠭᠡ ᠥᠨᠳᠥᠷ ᠳᠤᠯᠠᠭᠠᠨ ᠤ ᠠᠭᠤᠷ ᠢᠶᠠᠷ 220 ᠮᠢᠩᠭᠠᠨ ᠫᠠᠰᠺᠠᠯ ᠤᠨ ᠳᠠᠷᠤᠯᠲᠠ ᠶᠢᠨ ᠳᠤᠤᠷ᠎ᠠ 40 ᠮᠢᠨᠦ᠋ᠲ ᠠᠴᠠ ᠶᠡᠭᠡ ᠴᠢᠨᠠᠵᠤ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠤᠷ ᠥᠬᠡᠶᠢᠳᠡᠭᠦᠯᠦᠨ ᠬᠡᠮᠬᠡᠷᠡᠭᠦᠯᠦᠭᠰᠡᠨ ᠤ ᠳᠠᠷᠠᠭ᠎ᠠ ᠰᠢᠲᠠᠭᠠᠬᠤ ᠪᠤᠶᠤ ᠠᠮᠤᠷ ᠲᠦᠪᠰᠢᠨ ᠢᠶᠠᠷ ᠪᠤᠯᠠᠵᠤ ᠰᠢᠢᠳᠪᠦᠷᠢᠯᠡᠨ᠎ᠡ᠃ ᠣᠶᠢᠯᠠᠭᠠᠭᠰᠠᠨ ᠢᠶᠠᠷ᠂ ᠡᠨᠡ ᠬᠦ ᠠᠷᠭ᠎ᠠ ᠨᠢ ᠲᠤᠰ ᠤᠳᠠᠭᠠᠨ ᠤ ᠡᠪᠡᠳᠴᠢᠨ ᠤ ᠪᠠᠭᠲᠠᠭᠠᠭᠰᠠᠨ ᠸᠢᠷᠦ᠋ᠰ ᠤᠨ ᠡᠪᠡᠳᠴᠢᠨ ᠡᠭᠦᠰᠭᠡᠭᠴᠢ ᠶᠢ ᠠᠯᠠᠵᠤ ᠤᠰᠠᠳᠬᠠᠬᠤ ᠦᠷ᠎ᠡ ᠪᠦᠲᠦᠮᠵᠢ ᠶᠢ ᠬᠠᠩᠭᠠᠵᠤ᠂ ᠬᠥᠮᠦᠰ ᠤᠨ ᠬᠠᠯᠳᠠᠪᠤᠷᠢᠯᠠᠯ ᠪᠠ ᠣᠷᠴᠢᠨ ᠲᠣᠭᠤᠷᠢᠨ ᠤ ᠬᠤᠶᠠᠳᠠᠬᠢ ᠪᠣᠬᠢᠷᠲᠤᠯ ᠢ ᠬᠤᠷᠢᠭᠯᠠᠵᠤ ᠴᠢᠳᠠᠨ᠎ᠠ᠃
ᠲᠣᠭᠲᠠᠭᠠᠯ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠲᠦᠷ ᠴᠠᠭ ᠬᠠᠳᠠᠭᠠᠯᠠᠬᠤ ᠴᠠᠭ ᠢ 24 ᠴᠠᠭ ᠠᠴᠠ ᠬᠡᠲᠦᠷᠡᠭᠦᠯᠵᠦ ᠪᠣᠯᠬᠤ ᠥᠬᠡᠶ᠂ ᠪᠣᠶ ᠪᠥᠬᠦᠶ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠤᠷ ᠥᠬᠡᠶᠢᠳᠡᠭᠦᠯᠦᠨ ᠰᠢᠢᠳᠪᠦᠷᠢᠯᠡᠬᠦ ᠶᠢ ᠴᠥᠮ ᠲᠣᠰ ᠡᠳᠦᠷ ᠲᠤᠨᠢ ᠪᠡᠶᠡᠯᠡᠭᠦᠯᠬᠦ ᠬᠡᠷᠡᠭᠲᠡᠶ᠂ ᠭᠡᠪᠡᠴᠦ ᠡᠳᠦᠷ ᠪᠦᠷᠢ ᠡᠭᠦᠰᠬᠦ ᠡᠮᠴᠢᠯᠡᠭᠡᠨ ᠤ ᠬᠠᠶᠠᠭᠳᠠᠮᠠᠯ ᠪᠣᠳᠠᠰ ᠳᠤᠮᠳᠠᠴᠢ ᠪᠠᠷ 1.1 ᠲᠣᠨ ᠣᠷᠴᠢᠮ ᠪᠠᠶᠢᠨ᠎ᠠ᠃ ᠠᠯᠠᠱᠠ ᠵᠡᠭᠦᠨ ᠬᠤᠰᠢᠭᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ ᠠᠴᠠ᠂ ᠠᠯᠠᠱᠠ ᠵᠡᠭᠦᠨ ᠬᠤᠰᠢᠭᠤᠨ ᠳᠤ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ ᠬᠤᠶᠠᠷ ᠲᠡᠷᠭᠡ ᠪᠠᠶᠢᠵᠤ᠂ ᠰᠢᠯᠵᠢᠭᠦᠯᠦᠨ ᠲᠡᠭᠡᠭᠡᠪᠦᠷᠢᠯᠡᠬᠦ ᠲᠡᠷᠭᠡ ᠪᠦᠷᠢ ᠳᠤ 2 ᠰᠢᠯᠵᠢᠭᠦᠯᠦᠨ ᠲᠡᠭᠡᠭᠡᠪᠦᠷᠢᠯᠡᠬᠦ ᠬᠥᠮᠦᠨ᠂ 1 ᠵᠢᠯᠣᠭᠤᠴᠢ ᠲᠣᠬᠢᠷᠠᠭᠤᠯᠵᠤ᠂ ᠲᠤᠰᠬᠠᠶ ᠲᠡᠭᠡᠭᠡᠪᠦᠷᠢ ᠶᠢᠨ ᠵᠠᠮ ᠱᠤᠭᠤᠮ ᠲᠣᠭᠲᠠᠭᠠᠵᠠᠶ᠃ ᠡᠮᠴᠢᠯᠡᠭᠡᠨ ᠤ ᠬᠠᠶᠠᠭᠳᠠᠮᠠᠯ ᠡᠳ᠋ ᠢ ︽ᠬᠥᠮᠦᠨ ᠲᠣᠭᠲᠠᠭᠠᠬᠤ᠂ ᠲᠡᠷᠭᠡ ᠲᠣᠭᠲᠠᠭᠠᠬᠤ᠂ ᠲᠣᠭᠲᠠᠭᠰᠠᠨ ᠴᠢᠭ ᠲᠣᠭᠲᠠᠭᠠᠬᠤ᠂ ᠲᠣᠭᠲᠠᠭᠰᠠᠨ ᠴᠠᠭ ᠲᠣᠭᠲᠠᠭᠠᠬᠤ︾᠎ ᠪᠠᠷ ᠬᠤᠷᠢᠶᠠᠨ ᠴᠤᠭᠯᠠᠭᠤᠯᠵᠤ᠂ ᠬᠤᠷᠢᠶᠠᠨ ᠴᠤᠭᠯᠠᠭᠤᠯᠬᠤ ᠠᠴᠠ ᠡᠮᠦᠨ᠎ᠡ᠂ ᠡᠯ᠎ᠡ ᠴᠢᠭ ᠢ ᠡᠮᠴᠢᠯᠡᠭᠡᠨ ᠤ ᠬᠤᠭ ᠨᠣᠪᠰᠢ ᠬᠢᠭᠡᠳ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠡᠮᠴᠢᠯᠡᠭᠡᠨ ᠤ ᠬᠤᠭ ᠨᠣᠪᠰᠢ ᠶᠢ ᠬᠤᠪᠢᠶᠠᠨ ᠰᠠᠪᠠᠯᠠᠬᠤ ᠳᠤ ᠲᠣᠳᠣᠷᠬᠠᠶ᠂ ᠳᠠᠪᠬᠤᠷ ᠪᠣᠭᠤᠳᠠᠯᠯᠠᠬᠤ ᠶᠢ ᠬᠡᠷᠡᠭᠯᠡᠬᠦ ᠶᠢᠨ ᠬᠠᠮᠲᠤ ᠴᠠᠭ ᠲᠤᠬᠠᠶ ᠳᠤᠨᠢ ᠪᠢᠲᠡᠭᠦᠮᠵᠢᠯᠡᠬᠦ᠂ ᠡᠮᠴᠢᠯᠡᠭᠡᠨ ᠤ ᠬᠠᠶᠠᠭᠳᠠᠮᠠᠯ ᠡᠳ᠋ ᠢ ᠬᠤᠷᠢᠶᠠᠨ ᠴᠤᠭᠯᠠᠭᠤᠯᠵᠤ ᠲᠡᠭᠡᠭᠡᠪᠦᠷᠢᠯᠡᠬᠦ ᠲᠡᠷᠭᠡ ᠵᠢᠴᠢ ᠬᠥᠮᠦᠰ ᠤᠨ ᠣᠷᠣᠵᠤ ᠭᠠᠷᠬᠤ ᠳᠤ ᠴᠥᠮ ︽ᠲᠠᠪᠤᠨ ᠠᠯᠬᠤᠮ ᠢᠶᠠᠷ ᠠᠷᠢᠭᠤᠳᠬᠠᠬᠤ ᠠᠷᠭ᠎ᠠ︾ ︵ᠡᠮᠴᠢᠯᠡᠭᠡᠨ ᠤ ᠬᠠᠶᠠᠭᠳᠠᠮᠠᠯ ᠡᠳ᠋ ᠤᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠥᠷᠲᠡᠭᠡ ᠳᠤ ᠣᠷᠣᠭᠤᠯᠬᠤ᠂ ᠴᠢᠳᠬᠤᠬᠤ᠂ ᠰᠢᠢᠳᠪᠦᠷᠢᠯᠡᠬᠦ᠂ ᠥᠷᠲᠡᠭᠡ ᠠᠴᠠ ᠭᠠᠷᠭᠠᠬᠤ ᠲᠠᠪᠤᠨ ᠭᠤᠤᠯᠳᠠᠯᠭ᠎ᠠ ᠲᠠᠢ ᠭᠤᠭᠴᠤᠭ᠎ᠠ︶ ᠶᠣᠰᠣᠭᠠᠷ ᠠᠷᠢᠭᠤᠳᠬᠠᠬᠤ ᠬᠡᠷᠡᠭᠲᠡᠶ ᠭᠡᠵᠦ ᠱᠠᠭᠠᠷᠳᠠᠪᠠ᠃
ᠡᠭᠦᠨ ᠠᠴᠠ ᠭᠠᠳᠠᠨ᠎ᠠ᠂ ᠴᠤᠭᠯᠠᠭᠤᠯᠵᠤ ᠠᠪᠴᠢᠷᠠᠭᠰᠠᠨ ᠡᠮᠴᠢᠯᠡᠭᠡᠨ ᠤ ᠬᠠᠶᠠᠭᠳᠠᠮᠠᠯ ᠡᠳ᠋ ᠲᠤ ᠲᠤᠰᠬᠠᠶ ᠡᠬᠡ ᠲᠠᠩᠰᠠ ᠪᠠᠶᠢᠭᠤᠯᠬᠤ ᠶᠢᠨ ᠬᠠᠮᠲᠤ᠂ ᠬᠤᠶᠠᠷ ᠭᠠᠷ ᠤᠨ ᠥᠰᠥᠭ ᠵᠢᠷᠤᠬᠤ ᠲᠦᠷᠢᠮ ᠢ ᠬᠡᠷᠡᠭᠵᠢᠭᠦᠯᠵᠦ᠂ ᠨᠡᠷᠡᠶᠢᠳᠦᠯ ᠨᠢ ᠣᠨᠣᠪᠴᠢᠲᠠᠶ᠂ ᠲᠥᠷᠥᠯ ᠠᠩᠭᠢᠯᠠᠯ ᠨᠢ ᠲᠣᠳᠣᠷᠬᠠᠶ᠂ ᠲᠤᠭ᠎ᠠ ᠬᠡᠮᠵᠢᠶ᠎ᠡ ᠨᠢ ᠲᠣᠳᠣᠷᠬᠠᠶ᠂ ᠲᠤᠰᠢᠶᠠᠵᠤ ᠭᠥᠯᠢᠶᠡᠨ ᠠᠪᠤᠭᠰᠠᠨ ᠤ ᠳᠠᠷᠠᠭ᠎ᠠ ᠳᠡᠩᠰᠡᠯᠡᠨ ᠲᠡᠮᠳᠡᠭᠯᠡᠬᠦ ᠳᠤ ᠲᠠᠰᠢᠶ᠎ᠠ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠨ ᠠᠪᠤᠪᠠ᠃ 10 ᠳ᠋ᠤᠭᠠᠷ ᠰᠠᠷ᠎ᠠ ᠶᠢᠨ 20᠎ ᠤ ᠡᠳᠦᠷ ᠠᠴᠠ 24᠎ ᠤ ᠡᠳᠦᠷ ᠪᠣᠯᠲᠠᠯ᠎ᠠ᠂ ᠡᠮᠴᠢᠯᠡᠭᠡᠨ ᠤ ᠬᠤᠭ ᠨᠣᠪᠰᠢ ᠶᠢ ᠨᠡᠶᠢᠲᠡ 5138.67 ᠺᠢᠯᠣᠭ᠍ᠷᠠᠮ ᠴᠤᠭᠯᠠᠭᠤᠯᠤᠨ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ ᠨᠢ 100 % ᠪᠣᠯᠤᠨ᠎ᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号