| ᠣᠶᠢᠷ᠎ᠠ ᠶᠢᠨ ᠬᠤᠭᠤᠴᠠᠭᠠᠨ ᠤ ᠬᠦᠨᠳᠦ ᠨᠣᠴᠢᠲᠠᠶ ᠬᠢᠵᠢᠭ ᠤᠨ ᠪᠠᠶᠢᠳᠠᠯ ᠦᠷᠪᠢᠰᠦᠨ ᠳᠡᠯᠭᠡᠷᠡᠵᠦ ᠪᠠᠶᠢᠭ᠎ᠠ | ᠪᠠᠶᠢᠳᠠᠯ ᠤᠨ ᠡᠮᠦᠨ᠎ᠡ᠂ ᠠᠶᠢᠮᠠᠭ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠱᠠᠭᠠᠷᠳᠠᠯᠭ᠎ᠠ ᠶᠣᠰᠣᠭᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠬᠢᠵᠢᠭ ᠢ ᠰᠡᠷᠭᠡᠶᠢᠯᠡᠬᠦ ᠲᠤᠤᠷ ᠢ ᠨᠢᠭᠲᠠ ᠰᠦᠯᠵᠢᠬᠦ ᠶᠢᠨ ᠲᠥᠯᠥᠭᠡ᠂ 10 ᠳ᠋ᠤᠭᠠᠷ ᠰᠠᠷ᠎ᠠ ᠶᠢᠨ 25 ᠤ | ᠡᠳᠦᠷ᠂ ᠵᠡᠭᠦᠨ ᠪᠡᠯ ᠪᠠᠯᠭᠠᠰᠤ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ᠂ ᠪᠠᠶᠢᠴᠠᠭᠠᠬᠤ | ᠳᠤᠷᠠᠲᠠᠶ ᠶᠢ ᠨᠢ ᠪᠦᠬᠦᠨ ᠢ ᠪᠠᠶᠢᠴᠠᠭᠠᠬᠤ︾ ᠠᠵᠢᠯ ᠤᠨ ᠵᠠᠷᠴᠢᠮ ᠢ ᠦᠨᠳᠦᠰᠦᠯᠡᠨ᠂ ᠦᠳᠲᠡᠷ ᠲᠦᠷᠭᠡᠨ | ᠬᠥᠳᠡᠯᠦᠯᠴᠡᠵᠦ᠂ ᠰᠠᠨᠠᠭᠠᠴᠢᠯᠠᠭ᠎ᠠ ᠠᠴᠠ ᠪᠠᠨ ᠲᠠᠭᠠᠷᠢᠯᠲᠠ ᠬᠢᠵᠦ᠂ ᠪᠥᠬᠦ ᠬᠥᠮᠦᠰ ︽ᠲᠡᠶᠢᠨ ᠤ ᠦᠶ᠎ᠡ︾ ᠳᠤ | ᠣᠷᠣᠵᠤ᠂ ︽ᠲᠤᠤᠷᠵᠢᠭᠤᠯᠬᠤ ᠮᠠᠶ᠋ᠢᠭ︾ ᠤᠨ ᠶᠡᠭᠡ ᠪᠠᠶᠢᠴᠠᠭᠠᠯᠲᠠ ᠬᠢᠭᠰᠡᠨ ᠰᠠᠭᠤᠷᠢᠨ ᠳᠡᠭᠡᠷ᠎ᠡ᠂ ᠠᠯᠠᠱᠠ ᠵᠡᠭᠦᠨ | ᠬᠤᠰᠢᠭᠤᠨ ᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠲᠠᠢ ᠬᠠᠷᠢᠯᠴᠠᠵᠤ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠶᠢᠨ ᠠᠵᠢᠯ ᠢ ᠦᠳᠲᠡᠷ ᠲᠦᠷᠭᠡᠨ ᠢᠶᠠᠷ ᠵᠣᠬᠢᠶᠠᠨ ᠪᠠᠶᠢᠭᠤᠯᠪᠠ᠃ | | | | | | | | | | | | | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠬᠤᠶ ᠲᠠᠯᠠᠪᠠᠶ ᠶᠢᠨ ᠠᠮᠤᠷ ᠲᠦᠪᠰᠢᠨ ᠡᠮᠬᠢ ᠵᠢᠷᠤᠮ ᠲᠠᠢ | ᠪᠠᠶᠢᠬᠤ ᠶᠢ ᠪᠠᠲᠤᠯᠠᠬᠤ ᠶᠢᠨ ᠲᠥᠯᠥᠭᠡ᠂ ᠵᠡᠭᠦᠨ ᠪᠡᠯ ᠪᠠᠯᠭᠠᠰᠤ ᠠᠮᠤᠷ ᠲᠦᠪᠰᠢᠨ᠂ ᠣᠷᠴᠢᠨ ᠲᠣᠭᠤᠷᠢᠨ᠂ ᠬᠥᠮᠦᠨ | ᠠᠮᠠ ᠶᠢᠨ ᠲᠠᠷᠬᠠᠯᠲᠠ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠭᠤᠷᠪᠠᠨ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠶᠢᠨ ᠴᠡᠭ ᠭᠠᠷᠭᠠᠪᠠ᠃ | ᠵᠡᠭᠦᠨ ᠪᠡᠯ ᠪᠠᠯᠭᠠᠰᠤᠨ ᠤ ᠡᠯ᠎ᠡ ᠰᠠᠯᠠᠭ᠎ᠠ ᠮᠥᠴᠢᠷ᠂ ᠡᠯ᠎ᠡ ᠭᠠᠴᠠᠭ᠎ᠠ ᠨᠡᠶᠢᠭᠡᠮ ᠲᠣᠭᠤᠷᠢᠭ ᠢᠳᠡᠪᠬᠢᠲᠡᠶ ᠲᠡᠮᠡᠴᠡᠵᠦ᠂ | ᠴᠠᠭ ᠮᠥᠴᠡ ᠲᠠᠢ ᠤᠷᠤᠯᠳᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠳᠤ ᠳᠡᠭᠡᠳᠦ | ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠡᠭᠦᠷᠭᠡ ᠬᠠᠷᠢᠭᠤᠴᠠᠯᠭ᠎ᠠ ᠪᠠᠨ ᠴᠢᠨᠠᠷ ᠰᠠᠶᠢᠲᠠᠶ ᠪᠡᠶᠡᠯᠡᠭᠦᠯᠵᠦ᠂ ᠨᠠᠮ ᠤᠨ | ᠭᠡᠰᠢᠭᠦᠨ᠂ ᠵᠠᠯᠠᠭᠤᠴᠤᠳ᠂ ᠡᠮᠡᠭᠲᠡᠶᠢᠴᠦᠳ᠂ ᠣᠯᠠᠨ ᠲᠦᠮᠡᠨ᠂ ᠴᠡᠷᠢᠭ ᠠᠴᠠ ᠬᠠᠯᠠᠭᠳᠠᠭᠰᠠᠳ ᠵᠡᠷᠭᠡ 150 | ᠭᠠᠷᠤᠶ ᠰᠠᠶᠢᠨ ᠲᠤᠷᠠᠴᠤᠳ ᠬᠦᠳᠡᠯᠦᠯᠴᠡᠪᠡ᠃ | | | | | | | | | | | | | | | 25 ᠤ ᠡᠳᠦᠷ ᠤᠨ ᠦᠳᠡ ᠶᠢᠨ ᠬᠤᠶᠢᠨᠠᠬᠢ 6 ᠴᠠᠭ ᠪᠣᠯᠲᠠᠯ᠎ᠠ᠂ ᠵᠡᠭᠦᠨ ᠪᠡᠯ ᠪᠠᠯᠭᠠᠰᠤ ᠨᠡᠶᠢᠲᠡ 3930 | ᠬᠥᠮᠦᠨ ᠤ ᠪᠥᠭᠡᠮ ᠬᠦᠴᠢᠯ ᠤᠨ ᠥᠯᠢᠭᠡᠷ ᠠᠪᠬᠤ ᠠᠵᠢᠯ ᠢ ᠪᠡᠶᠡᠯᠡᠭᠦᠯᠪᠡ᠃ | | | | | | | | ᠲᠠᠷᠠᠭᠠᠴᠢ ᠶᠢᠨ ᠠᠯᠬᠤᠮ ᠳᠤ᠂ ᠵᠡᠭᠦᠨ ᠪᠡᠯ ᠪᠠᠯᠭᠠᠰᠤ ︽ᠲᠡᠶᠢᠨ ᠤ ᠦᠶ᠎ᠡ︾ ᠶᠢᠨ ᠪᠠᠶᠢᠳᠠᠯ ᠢᠶᠠᠨ ᠦᠷᠭᠦᠯᠵᠢᠯᠡᠨ | ᠪᠠᠲᠤᠯᠠᠵᠤ᠂ ᠬᠠᠮᠤᠭ ᠤᠨ ᠡᠷᠡᠰ ᠰᠢᠭᠤᠷᠬᠠᠶ ᠠᠷᠭ᠎ᠠ ᠬᠡᠮᠵᠢᠶ᠎ᠡ᠂ ᠬᠠᠮᠤᠭ ᠤᠨ ᠴᠢᠩᠭ᠎ᠠ ᠪᠠᠷᠢᠮᠵᠢᠶ᠎ᠠ ᠠᠪᠴᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠵᠤ᠂ ᠬᠠᠯᠳᠠᠪᠤᠷᠢᠯᠠᠬᠤ ᠵᠠᠮ ᠢ ᠲᠡᠰᠦᠯᠵᠦ᠂ ᠪᠥᠬᠦ ᠪᠠᠯᠭᠠᠰᠤᠨ ᠤ | ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠨ᠎ᠠ᠃ | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |