ᠥᠯᠵᠡᠶ ᠰᠤᠮᠤ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ ᠢ ᠡᠮᠬᠢ ᠵᠢᠷᠤᠮ ᠲᠠᠢ ᠯᠠᠪᠳᠠᠭᠤᠨ ᠪᠠᠲᠤᠲᠠᠶ ᠪᠠᠷ ᠠᠬᠢᠭᠤᠯᠵᠤ ᠪᠣᠢ
ᠨᠡᠶᠢᠲᠡᠯᠡᠭᠰᠡᠨ ᠴᠠᠭ᠄
2021/10/27
ᠪᠥᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠬᠡᠷᠡᠭᠵᠢᠭᠦᠯᠬᠦ ᠪᠣᠯ ︽ᠡᠷᠲᠡ ᠢᠯᠡᠷᠡᠭᠦᠯᠬᠦ᠂ ᠡᠷᠲᠡ ᠲᠤᠰᠠᠭᠠᠷᠯᠠᠬᠤ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ︾᠎ ᠶᠢ ᠪᠡᠶᠡᠯᠡᠭᠦᠯᠬᠦ ᠬᠦᠴᠦᠲᠡᠶ ᠠᠷᠭ᠎ᠠ ᠬᠡᠮᠵᠢᠶ᠎ᠡ ᠮᠥᠨ᠂ ᠥᠯᠵᠡᠶ ᠰᠤᠮᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠳᠠᠷᠤᠶ ᠲᠦᠷᠭᠡᠨ ᠬᠥᠳᠡᠯᠦᠯᠴᠡᠵᠦ᠂ ᠨᠠᠷᠢᠨ ᠨᠢᠮᠪᠠᠶ ᠪᠠᠶᠢᠷᠢᠯᠠᠭᠤᠯᠤᠨ᠂ ᠨᠠᠷᠢᠨ ᠣᠨᠣᠪᠴᠢᠲᠠᠶ ᠴᠡᠭ ᠭᠠᠷᠭᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠪᠥᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠡᠮᠬᠢ ᠵᠢᠷᠤᠮ ᠲᠠᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠤᠷ ᠢ ᠨᠢᠭᠲᠠ ᠰᠦᠯᠵᠢᠪᠡ᠃
10 ᠳ᠋ᠤᠭᠠᠷ ᠰᠠᠷ᠎ᠠ ᠶᠢᠨ 23᠎ ᠤ ᠡᠳᠦᠷ ᠤᠨ 20 ᠴᠠᠭ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠥᠯᠢᠭᠡᠷ ᠠᠪᠬᠤ ᠠᠵᠢᠯ ᠢ ᠵᠢᠩᠬᠢᠨᠢ ᠪᠠᠷ ᠥᠷᠨᠢᠭᠦᠯᠦᠭᠰᠡᠨ ᠠᠴᠠ ᠨᠠᠰᠢ᠂ ᠰᠤᠮᠤ ᠶᠢᠨ ᠨᠠᠮ ᠤᠨ ᠭᠡᠰᠢᠭᠦᠨ ᠺᠠᠳ᠋ᠷ᠂ ᠡᠪᠯᠡᠯ ᠤᠨ ᠭᠡᠰᠢᠭᠦᠨ ᠵᠠᠯᠠᠭᠤᠴᠤᠳ᠂ ᠰᠠᠶᠢᠨ ᠳᠤᠷ᠎ᠠ ᠶᠢᠨ ᠠᠵᠢᠯᠯᠠᠭᠴᠢ᠂ ᠡᠮᠨᠡᠯᠭᠡ ᠶᠢᠨ ᠠᠵᠢᠯᠲᠠᠨ ᠵᠢᠴᠢ ᠥᠷᠭᠡᠨ ᠣᠯᠠᠨ ᠠᠷᠠᠳ ᠲᠦᠮᠡᠨ ᠤ ᠨᠢᠭᠲᠠ ᠬᠠᠮᠵᠢᠯᠴᠠᠭ᠎ᠠ ᠳᠤᠤᠷ᠎ᠠ᠂ 25᠎ ᠤ ᠡᠳᠦᠷ ᠤᠨ 16 ᠴᠠᠭ 30 ᠮᠢᠨᠦ᠋ᠲ ᠪᠣᠯᠲᠠᠯ᠎ᠠ᠂ ᠠᠩᠬᠠᠨ ᠤ ᠡᠭᠡᠯᠵᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠨᠡᠶᠢᠲᠡ 1820 ᠬᠤᠪᠢ ᠪᠡᠶᠡᠯᠡᠭᠦᠯᠪᠡ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号