ᠪᠠᠷᠠᠭᠤᠨ ᠪᠡᠯ ᠪᠠᠯᠭᠠᠰᠤ ᠪᠦᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠢᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠪᠡ
ᠨᠡᠶᠢᠲᠡᠯᠡᠭᠰᠡᠨ ᠴᠠᠭ᠄
2021/10/27
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠠᠷᠢᠨ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠪᠠᠷᠠᠭᠤᠨ ᠪᠡᠯ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠨ ᠴᠢᠩᠭ᠎ᠠ ᠪᠣᠳᠠᠲᠠᠶ ᠪᠠᠷ ᠠᠳᠬᠤᠵᠤ᠂ ᠳᠠᠷᠤᠶ ᠲᠦᠷᠭᠡᠨ ᠴᠤᠤᠷᠢᠶᠠᠳᠤᠨ ᠳᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠳᠠᠷᠦ᠋ᠢᠬᠠᠨ ᠡᠬᠢᠯᠡᠭᠦᠯᠵᠦ᠂ ᠬᠠᠮᠤᠭ ᠤᠨ ᠴᠢᠩᠭ᠎ᠠ᠂ ᠬᠠᠮᠤᠭ ᠤᠨ ᠲᠦᠷᠭᠡᠨ᠂ ᠬᠠᠮᠤᠭ ᠤᠨ ᠨᠠᠷᠢᠯᠢᠭ᠂ ᠬᠠᠮᠤᠭ ᠤᠨ ᠣᠨᠣᠪᠴᠢᠲᠠᠶ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠪᠡ᠃ 10 ᠳ᠋ᠤᠭᠠᠷ ᠰᠠᠷ᠎ᠠ ᠶᠢᠨ 24᠎ ᠤ ᠦᠳᠡ ᠶᠢᠨ ᠬᠤᠶᠢᠨ᠎ᠠ᠂ ᠪᠠᠷᠠᠭᠤᠨ ᠪᠠᠯ ᠪᠠᠯᠭᠠᠰᠤ ᠳᠡᠭᠡᠳᠦ ᠱᠠᠲᠤᠨ ᠤ ᠮᠡᠳᠡᠭᠳᠡᠯ ᠢ ᠣᠯᠤᠮᠠᠭᠴᠠ ᠪᠥᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠯ᠎ᠡ ᠨᠠᠮ ᠤᠨ ᠡᠭᠦᠷ ᠵᠢᠴᠢ ᠥᠷᠭᠡᠨ ᠣᠯᠠᠨ ᠨᠠᠮ ᠤᠨ ᠭᠡᠰᠢᠭᠦᠨ ᠢ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠡᠷᠭᠡᠶᠢᠯᠡᠨ ᠡᠵᠡᠮᠳᠡᠬᠦ ᠠᠵᠢᠯ ᠳᠤ ᠦᠳᠲᠡᠷ ᠲᠦᠷᠭᠡᠨ ᠣᠷᠣᠯᠴᠠᠵᠤ᠂ ᠳᠠᠭᠠᠭᠠᠴᠢᠯᠠᠨ ᠬᠠᠷᠢᠯᠴᠠᠬᠤ ᠡᠯ᠎ᠡ ᠤᠳᠤᠷᠢᠳᠤᠯᠭ᠎ᠠ ᠡᠮᠦᠨ᠎ᠡ ᠨᠢ ᠭᠠᠪᠰᠢᠭᠠᠶᠢᠯᠠᠵᠤ᠂ ᠳᠠᠭᠠᠭᠠᠴᠢᠯᠠᠨ ᠬᠤᠯᠪᠣᠭᠠᠯᠠᠬᠤ ᠡᠯ᠎ᠡ ᠭᠠᠴᠠᠭ᠎ᠠ ᠨᠡᠶᠢᠭᠡᠮ ᠲᠣᠭᠤᠷᠢᠭ ᠲᠤ ᠬᠦᠷᠴᠦ ᠳᠠᠷᠤᠶ ᠲᠦᠷᠭᠡᠨ ᠠᠵᠢᠯ ᠢᠶᠠᠨ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠢ ᠳᠠᠶᠢᠴᠢᠯᠠᠨ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠲᠤ ᠪᠥᠬᠦ ᠬᠦᠴᠦᠨ ᠢᠶᠠᠷ ᠢᠶᠠᠨ ᠣᠷᠣᠯᠴᠠᠭᠤᠯᠵᠤ᠂ ᠤᠷᠢᠳᠴᠢᠯᠠᠨ ᠲᠣᠭᠲᠠᠭᠠᠭᠰᠠᠨ ᠲᠥᠰᠦᠯ ᠶᠣᠰᠣᠭᠠᠷ᠂ ᠪᠥᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃
24᠎ ᠤ ᠡᠳᠤᠷ ᠤᠨ 16 ᠴᠠᠭ ᠠᠴᠠ ᠡᠬᠢᠯᠡᠨ᠂ 8 ᠴᠠᠭ ᠦᠷᠭᠦᠯᠵᠢᠯᠡᠨ ᠲᠡᠮᠡᠴᠡᠵᠦ᠂ ᠪᠠᠷᠠᠭᠤᠨ ᠪᠡᠯ ᠪᠠᠯᠭᠠᠰᠤ ᠪᠦᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠳᠡ 4743 ᠬᠥᠮᠦᠨ ᠤ ᠪᠥᠭᠡᠮ ᠬᠦᠴᠢᠯ ᠤᠨ ᠦᠯᠢᠭᠡᠷ ᠠᠪᠬᠤ ᠡᠭᠦᠷᠭᠡ ᠶᠢ ᠪᠡᠶᠡᠯᠡᠭᠦᠯᠪᠡ᠃ ᠪᠠᠷᠠᠭᠤᠨ ᠪᠡᠯ ᠪᠠᠯᠭᠠᠰᠤ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠨᠢᠭᠲᠠ ᠬᠠᠮᠵᠢᠯᠴᠠᠨ᠂ ᠣᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠡᠳᠬᠢᠯ ᠨᠢᠭᠡᠳᠦᠨ ᠬᠢᠵᠢᠭ ᠲᠠᠢ ᠲᠡᠮᠡᠴᠡᠬᠦ ︽ᠬᠢᠵᠢᠭ ᠲᠠᠢ ᠲᠡᠮᠡᠴᠡᠬᠦ︾ ᠬᠦᠴᠦᠨ ᠢ ᠨᠢᠭᠲᠠᠷᠠᠭᠤᠯᠵᠠᠢ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号