ᠢᠩᠭᠡᠨ ᠰᠤᠮᠤ ᠠᠩᠬᠠᠨ ᠤ ᠡᠭᠡᠯᠵᠢ ᠶᠢᠨ ᠪᠥᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ ᠢ ᠤᠷᠤᠭᠰᠢᠲᠠᠶ ᠪᠡᠶᠡᠯᠡᠭᠦᠯᠪᠡ
ᠨᠡᠶᠢᠲᠡᠯᠡᠭᠰᠡᠨ ᠴᠠᠭ᠄
2021/10/27
ᠠᠶᠤᠯ ᠲᠦᠭᠰᠢᠭᠦᠷᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠢᠵᠢᠭ ᠲᠠᠷᠬᠠᠬᠤ ᠬᠡᠯᠬᠢᠶ᠎ᠡ ᠶᠢ ᠲᠠᠰᠤᠯᠬᠤ ᠶᠢᠨ ᠲᠥᠯᠥᠭᠡ᠂ 10 ᠳ᠋ᠤᠭᠠᠷ ᠰᠠᠷ᠎ᠠ ᠶᠢᠨ 25᠎ ᠤ ᠡᠳᠦᠷ᠂ ᠢᠩᠭᠡᠨ ᠰᠤᠮᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠤᠮᠤᠨ ᠤ ᠰᠠᠭᠤᠭ᠎ᠠ ᠭᠠᠵᠠᠷ ᠲᠤ ᠨᠢᠭᠡ ᠥᠯᠢᠭᠡᠷ ᠠᠪᠬᠤ ᠴᠡᠭ ᠭᠠᠷᠭᠠᠵᠤ᠂ ᠪᠥᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠪᠡ᠃
ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠢᠩᠭᠡᠨ ᠰᠤᠮᠤ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠥᠯᠢᠭᠡᠷ ᠠᠪᠬᠤ ᠠᠵᠢᠯ ᠤᠨ ᠳᠤᠭᠤᠶᠢᠯᠠᠩ ᠤᠨ 11 ᠭᠡᠰᠢᠭᠦᠨ ᠲᠣᠮᠢᠯᠠᠵᠤ ᠦᠳᠡ ᠶᠢᠨ ᠡᠮᠦᠨᠡᠬᠢ 9᠄ 30᠎ ᠠᠴᠠ ᠡᠬᠢᠯᠡᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠲᠥᠪᠯᠡᠷᠡᠭᠦᠯᠦᠨ ᠥᠯᠢᠭᠡᠷ ᠠᠪᠬᠤ ᠴᠡᠭ ᠤᠨ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠬᠥᠳᠡᠯᠵᠦ ᠪᠠᠷᠢᠬᠤ ᠳᠤ ᠳᠥᠭᠦᠮ ᠦᠭᠡᠢ ᠵᠠᠷᠢᠮ ᠰᠠᠭᠤᠭᠠᠯᠢ ᠠᠷᠠᠳ ᠲᠤ ᠴᠢᠭᠯᠡᠭᠦᠯᠦᠨ ᠬᠡᠷ ᠲᠤᠨᠢ ᠬᠦᠷᠴᠦ ᠥᠯᠢᠭᠡᠷ ᠠᠪᠴᠤ ᠥᠭᠬᠦ ᠶᠢᠨ ᠬᠠᠮᠲᠤ ᠰᠥᠨᠢ ᠪᠠᠷ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠰᠢᠯᠵᠢᠭᠦᠯᠦᠨ ᠬᠦᠷᠭᠡᠪᠡ᠃
7 ᠴᠠᠭ ᠬᠡᠷᠡᠭᠰᠡᠵᠦ᠂ ᠨᠡᠶᠢᠲᠡ 650 ᠪᠥᠭᠡᠮ ᠬᠦᠴᠢᠯ ᠤᠨ ᠥᠯᠢᠭᠡᠷ ᠠᠪᠬᠤ ᠡᠭᠦᠷᠭᠡ ᠶᠢ ᠪᠡᠶᠡᠯᠡᠭᠦᠯᠵᠦ᠂ ᠠᠩᠬᠠᠨ ᠤ ᠡᠭᠡᠯᠵᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ ᠢ ᠤᠷᠤᠭᠰᠢᠲᠠᠶ ᠪᠡᠶᠡᠯᠡᠭᠦᠯᠵᠦ᠂ ᠬᠢᠵᠢᠭ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠪᠥᠬᠦ ᠰᠤᠮᠤᠨ ᠤ ᠺᠠᠳ᠋ᠷ ᠠᠵᠢᠯᠲᠠᠨ ᠠᠵᠢᠯᠴᠢᠨ ᠵᠢᠴᠢ ᠮᠠᠯᠴᠢᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号