ᠪᠠᠶᠠᠨᠬᠤᠲᠠ ᠶᠢᠨ ᠵᠢᠶᠠᠨ ᠺᠠᠩ ᠬᠤᠸᠠ ᠶᠤᠸᠠᠨ ᠬᠤᠷᠢᠶᠠᠯᠠᠯ ᠤᠨ ᠰᠠᠭᠤᠭᠠᠯᠢ ᠠᠷᠠᠳ  ᠪᠢᠳᠡᠭᠦᠮᠵᠢᠯᠡᠨ ᠳᠤᠰᠠᠭᠠᠷᠯᠠᠵᠦ ᠪᠠᠶᠢᠭ᠎ᠠ ᠬᠤᠭᠤᠴᠠᠭᠠᠨ ᠳᠤ ᠶᠠᠭᠠᠬᠢᠵᠦ ᠠᠮᠢᠳᠤᠷᠠᠵᠦ ᠪᠠᠶᠢᠬᠤ ᠪᠤᠯ︖
ᠨᠡᠶᠢᠲᠡᠯᠡᠭᠰᠡᠨ ᠴᠠᠭ᠄
2021/10/28
10 ᠰᠠᠷ᠎ᠠ ᠶᠢᠨ 20᠎ ᠤ ᠡᠳᠦᠷ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠵᠢᠶᠠᠨ ᠺᠠᠩ ᠬᠤᠸᠠ ᠶᠤᠸᠠᠨ ᠬᠤᠷᠢᠶᠠᠯᠠᠯ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ 1 ᠢᠯᠡᠷᠡᠵᠦ᠂ ᠲᠤᠰ ᠬᠤᠷᠢᠶᠠᠯᠠᠯ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠡᠬᠢᠯᠡᠵᠦ ᠬᠡᠷᠡᠭᠵᠢᠭᠦᠯᠪᠡ᠃ ᠥᠨᠥᠳᠥᠷ ᠪᠤᠯᠳᠠᠯ᠎ᠠ ᠳᠤᠰ ᠬᠤᠷᠢᠶᠠᠯᠠᠯ ᠢ ᠨᠢᠭᠡᠨᠲᠡ 4 ᠡᠳᠦᠷ ᠪᠢᠲᠡᠭᠦᠮᠵᠢᠯᠡᠵᠦ᠂ ᠠᠳᠡ ᠰᠠᠭᠤᠵᠤ ᠪᠠᠶᠢᠭ᠎ᠠ 1071 ᠡᠷᠦᠬᠡ᠂ 2500 ᠭᠠᠷᠤᠢ ᠬᠥᠮᠦᠨ ᠭᠡᠷ ᠲᠡᠭᠡᠨ ᠲᠤᠰᠠᠭᠠᠷᠯᠠᠯᠳᠠ ᠬᠢᠵᠦ ᠪᠤᠢ᠃ ᠲᠡᠭᠡᠪᠡᠯ᠂ ᠳᠡᠳᠡᠨᠡᠷ ᠲᠤ ᠬᠠᠨᠳᠤᠭᠤᠯᠤᠨ ᠶᠠᠮᠠᠷᠰᠢᠦ ᠰᠡᠷᠭᠡᠶᠢᠯᠡᠨ ᠬᠠᠮᠠᠭᠠᠯᠠᠬᠤ ᠪᠣᠳᠠᠲᠠᠶ ᠠᠷᠭ᠎ᠠ ᠬᠡᠮᠵᠢᠶ᠎ᠡ ᠶᠢ ᠭᠡᠷᠡᠭᠵᠢᠭᠦᠯᠵᠦ ᠪᠠᠶᠢᠭ᠎ᠠ ᠪᠤᠯ︖ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠢ ᠬᠡᠷᠬᠢᠨ ᠪᠠᠳᠤᠯᠠᠵᠦ ᠪᠠᠶᠢᠭ᠎ᠠ ᠪᠤᠯ︖ ᠣᠯᠠᠨ ᠤ ᠤᠷᠮ᠎ᠠ ᠰᠡᠳᠬᠢᠯᠭᠡ ᠪᠠᠰᠠ ᠶᠠᠮᠠᠷᠬᠠᠨ ᠬᠤᠪᠢᠷᠠᠯᠲᠠ ᠶᠢ ᠥᠩᠭᠡᠷᠡᠭᠡᠭᠰᠡᠨ ᠪᠤᠯ︖ ᠰᠠᠭᠤᠭᠠᠯᠢ ᠠᠷᠠᠳ᠄ ᠲᠡᠳᠡ ᠪᠠᠶᠢᠪᠠᠯ ᠪᠢᠳᠡᠨ ᠤ ᠲᠤᠰᠠᠭᠠᠷᠯᠠᠯᠳᠠ ᠬᠢᠵᠦ ᠪᠠᠶᠢᠭ᠎ᠠ ᠠᠮᠢᠳᠤᠷᠠᠯ ᠰᠠᠨᠠᠭ᠎ᠠ ᠵᠣᠪᠠᠭ᠋ᠤ ᠤᠴᠢᠷ ᠦᠭᠡᠢ 10 ᠰᠠᠷ᠎ᠠ ᠶᠢᠨ 20᠎ ᠤ ᠦᠳᠡ ᠶᠢᠨ 2 ᠴᠠᠭ ᠭᠠᠷᠤᠢ ᠳᠤ᠂ ᠵᠢᠶᠠᠨ ᠺᠠᠩ ᠬᠤᠸᠠ ᠶᠤᠸᠠᠨ ᠬᠤᠷᠢᠶᠠᠯᠠᠯ ᠤᠨ ᠰᠠᠭᠤᠭᠠᠯᠢ ᠠᠷᠠᠳ ᠵᠦᠩ ᠷᠦᠢ ᠠᠵᠢᠯ ᠳᠠᠭᠠᠨ ᠭᠠᠷᠤᠶ᠎ᠠ ᠭᠡᠵᠦ ᠪᠠᠵᠠᠭᠠᠵᠦ ᠪᠠᠶᠢᠳᠠᠯ᠎ᠠ᠂ ᠬᠤᠷᠢᠶᠠᠯᠠᠯ ᠳᠤᠨᠢ ᠪᠢᠲᠡᠭᠦᠮᠵᠢᠯᠡᠭᠰᠡᠨ ᠬᠠᠮᠢᠶᠠᠷᠤᠯᠲᠠ ᠬᠢᠭᠰᠡᠨ ᠭᠡᠭᠦ ᠴᠢᠮᠡᠭᠡ ᠶᠢ ᠤᠯᠵᠦ ᠠᠪᠤᠭᠰᠠᠨ ᠪᠠᠶᠢᠵᠡᠢ᠃ ︽ᠥᠨᠥ ᠥᠷᠯᠥᠭᠡ ᠠᠯᠠᠱᠠ ᠵᠡᠭᠦᠨ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠥᠷᠪᠢᠰᠥᠯ ᠢᠶᠠᠷ ᠣᠨᠣᠰᠢᠯᠠᠭᠳᠠᠭᠰᠠᠨ 1 ᠡᠪᠡᠳᠴᠢᠲᠡᠨ ᠮᠠᠨ ᠤ ᠬᠤᠷᠢᠶᠠᠯᠠᠯ ᠳᠤ ᠰᠠᠭᠤᠵᠤ ᠪᠠᠶᠢᠬᠤ ᠶᠢ ᠤᠯᠵᠦ ᠰᠤᠨᠤᠰᠤᠭᠰᠠᠨ᠂ ᠦᠳᠡ ᠪᠤᠯᠬᠤ ᠳᠤ ᠬᠤᠷᠢᠶᠠᠯᠠᠯ ᠢ ᠪᠢᠲᠡᠭᠦᠮᠵᠢᠯᠡᠪᠡ᠂ ᠠᠵᠠ ᠪᠠᠷ ᠡᠵᠢ ᠪᠠᠭ᠎ᠠ ᠪᠤᠰᠤ ᠠᠮᠢᠳᠤᠷᠠᠯ ᠤᠨ ᠡᠳ᠋ ᠪᠣᠳᠠᠰ ᠪᠡᠯᠡᠳᠭᠡᠴᠢᠭᠡᠭᠰᠡᠨ ᠪᠠᠶᠢᠭᠰᠠᠨ᠂ ᠭᠡᠨᠡᠳᠲᠡ ᠰᠠᠭᠤᠵᠦ ᠪᠠᠶᠢᠭ᠎ᠠ ᠬᠤᠷᠢᠶᠠᠯᠠᠯ ᠢ ᠮᠢᠨᠢ ᠪᠢᠲᠡᠭᠦᠮᠵᠢᠯᠡᠭᠰᠡᠨ ᠳᠤ ᠪᠢᠳᠡ ᠲᠡᠮᠡᠢ ᠰᠠᠨᠠᠭ᠎ᠠ ᠪᠤᠯᠤᠭ᠎ᠠ ᠦᠭᠡᠢ᠂ ᠪᠠᠴᠢᠮᠳᠠᠵᠤ ᠰᠠᠨᠳᠤᠷᠤᠭᠰᠠᠨ ᠴᠦ ᠦᠭᠡᠢ᠃ ᠬᠡᠷ ᠲᠡᠭᠡᠨ ᠲᠤᠰᠠᠭᠠᠷᠯᠠᠭᠰᠠᠨ 4 ᠡᠳᠦᠷ ᠤᠨ ᠳᠣᠲᠣᠷ᠎ᠠ᠂ ᠡᠮᠴᠢ ᠰᠤᠪᠢᠯᠠᠭᠴᠢ ᠪᠣᠯᠤᠨ ᠰᠠᠶᠢᠨ ᠲᠤᠷᠠᠴᠤᠳ ᠮᠠᠨ ᠤ ᠳᠤ ᠢᠷᠡᠵᠦ 3 ᠤᠳᠠᠭ᠎ᠠ ᠪᠥᠭᠡᠮ ᠬᠦᠴᠢᠯ ᠤᠨ ᠥᠯᠢᠭᠡᠷ ᠡᠳ᠋ ᠠᠪᠴᠠᠶ᠂ ᠭᠠᠷ ᠤᠲᠠᠰᠤ ᠪᠠᠷ ᠢᠶᠠᠨ ᠬᠡᠷ ᠤᠨ ᠬᠥᠮᠦᠰ ᠵᠢᠴᠢ ᠥᠪᠡᠷ ᠤᠨ ᠢᠶᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠨᠢ ᠴᠥᠮ ᠪᠢᠯᠢᠭ ᠴᠢᠨᠠᠷᠲᠠᠶ ᠪᠠᠶᠢᠬᠤ ᠪᠠᠨ ᠣᠯᠵᠤ ᠮᠡᠳᠡᠵᠡᠶ᠃ ᠬᠡᠳᠦ᠋ᠢᠪᠡᠷ ᠲᠤᠰᠠᠭᠠᠷᠯᠠᠭᠳᠠᠭᠠᠳ ᠪᠢᠳᠡ ᠳᠠᠳᠦᠶᠢᠯᠡ ᠪᠠᠴᠢᠮᠳᠠᠭ᠎ᠠ ᠥᠬᠡᠶ ᠴᠦ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠣᠯᠵᠤ ᠦᠵᠡᠬᠦ ᠦᠶ᠎ᠡ ᠳᠤ ᠰᠡᠳᠬᠢᠯ ᠶᠡᠬᠡᠯᠡ ᠲᠠᠶᠢᠪᠤᠰᠢᠷᠠᠬᠤ ᠰᠢᠭ᠋ ᠪᠤᠯᠤᠭᠰᠠᠨ︾ ᠭᠡᠵᠦ ᠲᠡᠷᠡ ᠶᠠᠷᠢᠨ᠎ᠠ᠃ ︽ᠮᠠᠨᠠᠶᠢᠬᠢᠨ ᠤ ᠬᠠᠳᠠᠭᠠᠯᠠᠵᠤ ᠪᠠᠶᠢᠭ᠎ᠠ ᠠᠮᠢᠳᠤᠷᠠᠯ ᠤᠨ ᠡᠳ᠋ ᠪᠣᠳᠠᠰ ᠴᠤ ᠨᠡᠯᠢᠶᠡᠳ ᠦᠭᠡᠢ ᠪᠠᠶᠢᠨ᠎ᠠ᠂ ᠰᠠᠶᠢᠨ ᠳᠤᠷᠠᠴᠤᠳ ᠡᠨᠡ ᠬᠤᠶᠠᠷ ᠡᠳᠦᠷ ᠮᠠᠨ ᠤ ᠳᠤ ᠬᠦᠷᠭᠡᠵᠦ ᠢᠷᠡᠬᠦ ᠴᠢᠬᠤᠯᠠ ᠥᠬᠡᠶ᠂ ᠲᠡᠳᠡᠨ ᠤ ᠠᠵᠢᠯ ᠤᠨ ᠳᠠᠷᠤᠭᠠᠰᠤ ᠡᠶᠢᠮᠦ ᠬᠦᠨᠳᠦ ᠪᠠᠶᠢᠬᠤ ᠳᠤ ᠪᠢᠳᠡ ᠲᠡᠭᠡᠷ᠎ᠡ ᠠᠴᠠ ᠨᠢ ᠨᠡᠮᠡᠵᠦ ᠪᠤᠯᠬᠤ ᠦᠭᠡᠢ ᠯᠡ ᠳ᠋ᠠ︾ ᠭᠡᠵᠦ ᠢᠦᠢ ᠳ᠋ᠦᠩ ᠬᠠᠢ ᠶᠠᠷᠢᠨ᠎ᠠ᠃ ᠤᠤᠯ ᠨᠢ ᠲᠡᠷᠡ ᠵᠢᠶᠠᠨ ᠺᠠᠩ ᠬᠤᠸᠠ ᠶᠤᠸᠠᠨ ᠬᠤᠷᠢᠶᠠᠯᠠᠯ ᠳᠤ ᠰᠠᠭᠤᠭ᠎ᠠ ᠠᠪᠤ ᠡᠵᠢ ᠪᠠᠨ ᠬᠠᠷᠠᠭᠠᠯᠵᠠᠬᠤ ᠪᠠᠷ ᠢᠷᠡᠭᠡᠳ ᠲᠤᠰ ᠬᠤᠷᠢᠶᠠᠯᠠᠯ ᠳᠤ ᠲᠤᠰᠠᠭᠠᠷᠯᠠᠭᠳᠠᠵᠤ᠂ ᠭᠠᠳᠠᠭᠰᠢ ᠭᠠᠷᠴᠤ ᠳᠡᠶᠢᠯᠬᠦ ᠦᠭᠡᠢ ᠪᠤᠯᠤᠭᠰᠠᠨ ᠴᠦ ᠠᠮᠢᠳᠤᠷᠠᠯ ᠤᠨ ᠪᠠᠳᠤᠯᠠᠭᠠᠨ ᠤ ᠲᠥᠯᠥᠭᠡ ᠲᠡᠮᠡᠢ ᠰᠠᠨᠠᠭ᠎ᠠ ᠵᠣᠪᠠᠭ᠋ᠤ ᠦᠭᠡᠢ ᠪᠠᠶᠢᠯ᠎ᠠ᠃ ︽ᠬᠡᠷ ᠲᠤ ᠪᠠᠶᠢᠭ᠎ᠠ ᠨᠤᠭᠤᠭ᠎ᠠ ᠴᠠᠭ᠎ᠠ ᠶᠢᠨ ᠵᠦᠢᠯ ᠡᠯᠪᠡᠭ ᠪᠠᠶᠢᠨ᠎ᠠ᠂ ᠬᠦᠷᠬᠦ ᠥᠬᠡᠶ ᠪᠣᠯ ᠠᠳᠠᠯ ᠠᠬᠤᠶ ᠶᠢᠨ ᠺᠤᠮᠫᠠᠨᠢ ᠠᠴᠠ ᠰᠠᠭᠤᠭᠠᠯᠢ ᠠᠷᠠᠳ ᠤᠨ ᠸᠢᠴᠠᠲ ᠬᠤᠯᠪᠤᠭ᠎ᠠ ᠳᠤ ᠨᠡᠶᠢᠲᠡᠯᠡᠭᠰᠡᠨ ᠤᠲᠠᠰᠤ ᠪᠠᠷ ᠬᠤᠳᠠᠯᠳᠤᠨ ᠠᠪᠴᠤ ᠪᠣᠯᠤᠨ᠎ᠠ᠂ ᠰᠠᠶᠢᠨ ᠲᠤᠷᠠᠴᠤᠳ ᠬᠤᠳᠠᠯᠳᠤᠨ ᠠᠪᠤᠭᠰᠠᠨ ᠵᠦᠢᠯ ᠢ ᠠᠰᠠᠷ ᠳᠤᠤᠷ᠎ᠠ ᠬᠦᠷᠭᠡᠵᠦ ᠢᠷᠡᠳᠡᠭ᠃ ᠭᠡᠷ ᠤᠨ ᠡᠭᠦᠳᠡ ᠎ ᠪᠠᠨ ᠨᠡᠭᠡᠭᠡᠪᠡᠯ ᠠᠰᠠᠷ ᠤᠨ ᠭᠤᠳᠤᠮᠵᠢᠨ ᠳᠤ ᠠᠷᠢᠭᠤᠳᠬᠠᠬᠤ ᠤᠰᠤᠨ ᠤ ᠦᠨᠦᠷ ᠦᠨᠦᠷᠲᠦᠵᠦ᠂ ᠵᠢᠯᠣᠭᠤᠴᠢ ᠥᠬᠡᠶ ᠨᠢᠰᠬᠡᠯ ᠴᠦ ᠵᠣᠭᠰᠣᠯ ᠥᠬᠡᠶ ᠲᠣᠭᠤᠷᠢᠨ ᠴᠠᠭᠳᠠᠵᠤ᠂ ᠶᠠᠭᠠᠷᠠᠯᠲᠠᠶ ᠠᠵᠢᠯᠯᠠᠵᠦ ᠪᠠᠶᠢᠭ᠎ᠠ ᠠᠵᠢᠯᠲᠠᠳ ᠢ ᠬᠠᠷᠠᠭᠠᠳ ᠰᠠᠨᠠᠭ᠎ᠠ ᠠᠮᠠᠷ︾ ᠭᠡᠵᠦ ᠢᠦᠢ ᠳ᠋ᠦᠩ ᠬᠠᠢ ᠬᠡᠯᠡᠨ᠎ᠡ᠃ ᠰᠠᠶᠢᠨ ᠲᠤᠷᠠᠴᠤᠳ᠄ ᠡᠳᠦᠷ ᠪᠦᠷᠢ ᠵᠠᠭᠤ ᠰᠢᠬᠠᠮ ᠤᠳᠠᠭ᠎ᠠ ᠨᠠᠰᠢ ᠴᠠᠰᠢ ᠭᠦᠶᠦᠵᠦ᠂ ᠠᠵᠢᠯ ᠪᠣᠯᠭᠠᠨ ᠢ ᠰᠠᠶᠢᠲᠤᠷ ᠬᠢᠬᠦ ᠶᠢ ᠪᠠᠲᠤᠯᠠᠨ᠎ᠠ ︽ᠡᠨᠡ ᠪᠣᠯ ᠵᠠᠰᠠᠭ ᠤᠨ ᠣᠷᠳᠣᠨ ᠠᠴᠠ ᠰᠠᠭᠤᠭᠠᠯᠢ ᠠᠷᠠᠳ ᠲᠤ ᠦᠨ᠎ᠡ ᠲᠥᠯᠥᠪᠦᠷᠢ ᠥᠬᠡᠶ ᠪᠠᠷ ᠳᠣᠭᠢᠷᠠᠭᠤᠯᠤᠨ ᠬᠦᠷᠭᠡᠵᠦ ᠪᠠᠶᠢᠭ᠎ᠠ ᠢᠳᠡᠰᠢᠨ ᠨᠣᠭᠤᠭ᠎ᠠ᠂ ᠣᠯᠠᠨ ᠢᠶᠠᠷ ᠢᠶᠠᠨ ᠬᠤᠷᠳᠤᠬᠠᠨ ᠤᠭᠤᠳᠠᠯᠠᠵᠦ ᠰᠠᠭᠤᠭᠠᠯᠢ ᠠᠷᠠᠳ ᠤᠨ ᠬᠡᠷ ᠲᠤ ᠬᠦᠷᠭᠡᠵᠦ ᠥᠭᠭᠦᠶ᠎ᠡ︾᠃ 10 ᠰᠠᠷ᠎ᠠ ᠶᠢᠨ 23᠎ ᠤ ᠥᠷᠯᠥᠭᠡ᠂ ᠠᠯᠠᠱᠠ ᠠᠶᠢᠮᠠᠭ ᠤᠨ ᠵᠠᠯᠠᠭᠤᠴᠤᠳ ᠤᠨ ᠡᠪᠯᠡᠯ ᠤᠨ ᠬᠤᠷᠢᠶᠠᠨ ᠤ ᠰᠠᠶᠢᠨ ᠳᠤᠷ᠎ᠠ ᠶᠢᠨ ᠦᠢᠯᠡᠴᠢᠯᠡᠭᠴᠢ ᠮᠠ ᠰᠢᠶᠤᠤ ᠲᠢᠩ ᠪᠣᠯᠤᠨ ᠪᠤᠰᠤᠳ 7 ᠰᠠᠶᠢᠨ ᠳᠤᠷᠠᠴᠤᠳ ᠲᠠᠢ ᠬᠠᠮᠳᠤ ᠲᠥᠮᠥᠰᠥ᠂ ᠰᠢᠷ᠎ᠠ ᠯᠤᠤᠪᠠᠩ᠂ ᠲᠥᠪᠡᠳ ᠬᠠᠰᠢ ᠵᠡᠷᠭᠡ ᠢᠳᠡᠰᠢᠨ ᠨᠣᠭᠤᠭ᠎ᠠ ᠶᠢ ᠨᠢᠭᠡᠳ ᠨᠢᠭᠡ ᠪᠠᠷ ᠤᠭᠤᠳᠠᠯᠠᠵᠦ᠂ ᠬᠡᠷ ᠲᠡᠭᠡᠨ ᠲᠤᠰᠠᠭᠠᠷᠯᠠᠵᠤ ᠪᠠᠶᠢᠭ᠎ᠠ ᠠᠶᠢᠯ ᠡᠷᠦᠬᠡ ᠪᠤᠯᠭᠠᠨ ᠳᠤ ᠬᠦᠷᠭᠡᠵᠦ ᠪᠠᠶᠢᠯ᠎ᠠ᠃ ︽ᠪᠢᠳᠡ ᠪᠦᠭᠦᠳᠡᠭᠡᠷ ᠢᠶᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠭᠡᠳ ᠦᠷ᠎ᠡ ᠳ᠋ᠥᠩ ᠨᠢ ᠪᠢᠯᠢᠭ ᠴᠢᠨᠠᠷ ᠭᠡᠳᠡᠭ ᠢᠶᠠᠨ ᠮᠡᠳᠡᠭᠰᠡᠨ ᠤ ᠳᠠᠷᠠᠭ᠎ᠠ ᠬᠢᠵᠢᠭ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠰᠠᠨ ᠶᠤᠮ᠂ ᠬᠢᠵᠢᠭ ᠢ ᠰᠡᠷᠭᠡᠶᠢᠯᠡᠨ ᠡᠵᠡᠮᠳᠡᠭᠦ ᠨᠢᠭᠡᠳᠦᠭᠡᠷ ᠹᠷᠤᠨᠲ ᠲᠤ ᠶᠠᠭᠠᠷᠠᠯᠲᠠᠶ ᠠᠵᠢᠯᠯᠠᠵᠦ ᠪᠠᠶᠢᠭ᠎ᠠ ᠠᠵᠢᠯᠲᠠᠳ ᠤᠨ ᠠᠵᠢᠯ ᠤᠨ ᠬᠦᠨᠳᠦ ᠳᠠᠷᠤᠭᠠᠰᠤ ᠶᠢ ᠪᠠᠭ᠎ᠠ ᠴᠦ ᠪᠤᠯᠤᠭᠰᠠᠨ ᠬᠤᠪᠢᠶᠠᠯᠴᠠᠨ ᠡᠭᠦᠷᠭᠡᠯᠡᠬᠦ ᠶᠢ ᠬᠦᠰᠡᠵᠦ ᠪᠠᠶᠢᠨ᠎ᠠ︾ ᠭᠡᠵᠦ ᠮᠠ ᠰᠢᠶᠤᠤ ᠲᠢᠩ ᠶᠠᠷᠢᠨ᠎ᠠ᠃ 10 ᠰᠠᠷ᠎ᠠ ᠶᠢᠨ 22᠎ ᠤᠨ ᠡᠳᠦᠷ ᠵᠢᠶᠠᠨ ᠺᠠᠩ ᠬᠤᠸᠠ ᠶᠤᠸᠠᠨ ᠬᠤᠷᠢᠶᠠᠯᠠᠯ ᠳᠤ ᠬᠦᠨᠵᠡᠭᠡᠶᠢᠷᠡᠵᠦ ᠤᠷᠤᠭᠰᠠᠨ ᠲᠠᠳᠠ ᠭᠤᠤᠯᠳᠠᠭᠤ ᠰᠠᠭᠤᠭᠠᠯᠢ ᠠᠷᠠᠳ ᠤᠨ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠤᠭᠰᠠᠨ ᠵᠢᠮᠢᠰ ᠨᠣᠭᠤᠭ᠎ᠠ᠂ ᠢᠳᠡᠭᠡᠨ ᠤᠮᠳᠠᠭᠠᠨ᠂ ᠡᠮ ᠤᠨ ᠵᠦᠢᠯ᠂ ᠡᠳᠦᠷ ᠲᠤᠲᠤᠮ ᠤᠨ ᠬᠡᠷᠡᠭᠰᠡᠯ ᠪᠣᠯᠤᠨ ᠵᠠᠰᠠᠭ ᠤᠨ ᠣᠷᠳᠣᠨ ᠠᠴᠠ ᠦᠨ᠎ᠡ ᠲᠥᠯᠥᠪᠦᠷᠢ ᠥᠬᠡᠶ ᠪᠠᠷ ᠲᠦᠭᠡᠭᠡᠨ ᠥᠭᠴᠤ ᠪᠠᠶᠢᠭ᠎ᠠ ᠠᠮᠢᠳᠤᠷᠠᠯ ᠤᠨ ᠡᠳ᠋ ᠪᠣᠳᠠᠰ ᠢ ᠭᠠᠷᠳᠠᠭᠤᠯᠬᠤ ᠶᠢᠨ ᠬᠠᠮᠲᠤ ᠡᠮᠴᠢ ᠰᠣᠪᠢᠯᠠᠭᠴᠢᠳ ᠢ ᠳᠠᠭᠠᠵᠤ ᠡᠷᠦᠬᠡ ᠳᠤ ᠣᠷᠣᠵᠤ ᠪᠥᠭᠡᠮ ᠬᠦᠴᠢᠯ ᠤᠨ ᠦᠯᠢᠭᠡᠷ ᠡᠳ᠋ ᠴᠤᠭᠯᠠᠭᠤᠯᠬᠤ ᠵᠢᠴᠢ ᠬᠢᠵᠢᠭ ᠢ ᠰᠡᠷᠭᠡᠶᠢᠯᠡᠬᠦ ᠡᠳ᠋ ᠪᠣᠳᠠᠰ ᠢ ᠵᠥᠭᠡᠭᠡᠪᠦᠷᠢᠯᠡᠬᠦ ᠵᠡᠷᠭᠡ ᠠᠵᠢᠯ ᠢ ᠬᠠᠷᠢᠭᠤᠴᠠᠳᠠᠭ᠃ ︽ᠣᠲᠣ ᠲᠤᠰ ᠬᠤᠷᠢᠶᠠᠯᠠᠯ ᠳᠤ ᠨᠡᠶᠢᠳᠡ 3 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠣᠶ᠂ ᠲᠤᠬᠠᠶᠢᠯᠠᠪᠠᠯ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠨᠢᠭᠡᠳᠦᠮᠡᠯ ᠬᠤᠯᠪᠣᠭ᠎ᠠ ᠶᠢᠨ ᠺᠣᠮᠫᠠᠨᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢ ᠪᠣᠯᠤᠨ᠎ᠠ᠂ ᠰᠠᠶᠢᠨ ᠳᠤᠷ᠎ᠠ ᠶᠢᠨ ᠦᠢᠯᠡᠴᠢᠯᠡᠭᠴᠢ ᠨᠢᠭᠡᠪᠦᠷᠢ 24 ᠴᠠᠭ ᠢᠶᠠᠷ ᠠᠵᠢᠯ ᠬᠦᠯᠢᠶᠡᠭᠦ ᠪᠠᠶᠢᠳᠠᠯ ᠳᠤ ᠪᠠᠶᠢᠨ᠎ᠠ︾ ᠭᠡᠵᠦ ᠮᠠ ᠰᠢᠶᠤᠤ ᠲᠢᠩ ᠠᠵᠢᠯ ᠤᠨ ᠢᠶᠠᠨ ᠲᠤᠬᠠᠢ ᠲᠠᠨᠢᠯᠴᠠᠭᠤᠯᠤᠯ᠎ᠠ᠃ ᠠᠵᠢᠯᠯᠠᠵᠦ ᠪᠠᠶᠢᠬᠤ ᠬᠤᠭᠤᠴᠠᠭᠠᠨ ᠳᠤ ᠲᠡᠭᠦᠨ ᠢ ᠬᠠᠮᠤᠭ ᠠᠴᠠ ᠢᠯᠡᠬᠦᠦ ᠰᠡᠳᠬᠢᠯ ᠬᠥᠳᠡᠯᠭᠡᠭᠰᠡᠨ ᠤᠴᠢᠷ ᠭᠡᠪᠡᠯ ᠳᠡᠳᠡ ᠰᠠᠭᠤᠭᠠᠯᠢ ᠠᠷᠠᠳ ᠤᠨ ᠬᠡᠷ ᠲᠤ ᠬᠦᠷᠴᠦ ᠦᠢᠯᠡᠴᠢᠯᠡᠭᠦ ᠦᠶ᠎ᠡ ᠳᠤ ᠮᠠᠰᠢ ᠣᠯᠠᠨ ᠰᠠᠭᠤᠭᠠᠯᠢ ᠠᠷᠠᠳ ᠲᠡᠳᠡᠨ ᠤ ᠠᠵᠢᠯ ᠢ ᠣᠶᠢᠯᠠᠭᠠᠵᠤ᠂ ᠡᠮᠴᠢ ᠰᠣᠪᠢᠯᠠᠭᠴᠢᠳ ᠤᠨ ᠪᠥᠭᠡᠮ ᠬᠦᠴᠢᠯ ᠤᠨ ᠥᠯᠢᠭᠡᠷ ᠶᠠᠩᠵᠤ ᠴᠤᠭᠯᠠᠭᠤᠯᠬᠤ ᠳᠤ ᠴᠤ ᠮᠠᠰᠢ ᠰᠠᠶᠢᠨ ᠬᠠᠮᠵᠢᠯᠴᠠᠳᠠᠭ ᠶᠠᠪᠤᠳᠠᠯ ᠪᠠᠶᠢᠯ᠎ᠠ᠃ ᠡᠮᠴᠢ ᠰᠤᠪᠢᠯᠠᠭᠴᠢ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ᠂ ᠨᠡᠶᠢᠭᠡᠮ ᠲᠣᠭᠤᠷᠢᠭ᠂ ᠠᠳᠠᠯ ᠠᠬᠤᠶ ᠶᠢᠨ ᠺᠤᠮᠫᠠᠨᠢ ᠁ 24 ᠴᠠᠭ ᠢᠶᠠᠷ ᠠᠵᠢᠯ ᠤᠨ ᠪᠠᠶᠢᠷᠢᠨ ᠳᠤ ᠪᠠᠶᠢᠵᠤ᠂ ᠬᠢᠵᠢᠭ ᠢ ᠰᠡᠷᠭᠡᠶᠢᠯᠡᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ ᠶᠢ ᠨᠢᠭᠲᠠ ᠪᠠᠶᠢᠷᠢᠯᠠᠭᠤᠯᠪᠠ 10 ᠰᠠᠷ᠎ᠠ ᠶᠢᠨ 20᠎ ᠤ ᠡᠳᠦᠷ᠂ ᠪᠠᠶᠠᠨᠬᠤᠲᠠ ᠪᠠᠯᠭᠠᠰᠤᠨ ᠤ ᠰᠠᠭᠤᠭᠠᠯᠢ ᠠᠷᠠᠳ ᠭᠦᠸᠧ ᠣᠪᠣᠭᠲᠤ ᠰᠢᠨ᠎ᠡ ᠲᠢᠲᠢᠮᠯᠢᠭ ᠠᠭᠤᠰᠬᠢᠨ ᠥᠷᠪᠢᠰᠥᠯ ᠤᠨ ᠸᠢᠷᠦ᠋ᠰ ᠲᠤ ᠬᠠᠯᠳᠠᠪᠤᠷᠢᠯᠠᠭᠰᠠᠨ ᠢ ᠰᠢᠯᠭᠠᠨ ᠪᠠᠶᠢᠴᠠᠭᠠᠵᠤ ᠢᠯᠡᠷᠡᠭᠦᠯᠦᠭᠰᠡᠨ ᠤ ᠳᠠᠷᠠᠭ᠎ᠠ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠨᠬᠤᠸᠠ ᠵᠡᠭᠡᠯᠢ ᠶᠢᠨ ᠲᠣᠮᠢᠯᠠᠭᠰᠠᠨ ᠰᠠᠯᠪᠤᠷᠢ ᠵᠠᠰᠠᠭ ᠤᠨ ᠣᠷᠳᠣᠨ ᠤ ᠲᠣᠬᠢᠷᠠᠭᠤᠯᠤᠯᠲᠠ ᠶᠢ ᠳᠠᠭᠠᠵᠤ᠂ ᠭᠦᠸᠧ ᠣᠪᠣᠭᠲᠤ ᠶᠢᠨ ᠰᠠᠭᠤᠭ᠎ᠠ ᠬᠤᠷᠢᠶᠠᠯᠠᠯ ᠢ ᠪᠢᠲᠡᠭᠦᠮᠵᠢᠯᠡᠨ ᠬᠠᠮᠢᠶᠠᠷᠪᠠ᠃ ︽ᠲᠤᠰ ᠬᠤᠷᠢᠶᠠᠯᠠᠯ ᠤᠨ ᠬᠤᠶᠢᠲᠤ ᠡᠭᠦᠳᠡ ᠠᠴᠠ ᠪᠤᠰᠤᠳ ᠡᠭᠦᠳᠡ ᠶᠢ ᠨᠢᠭᠡᠨᠲᠡ ᠪᠢᠲᠡᠭᠦᠮᠵᠢᠯᠡᠭᠰᠡᠨ ᠪᠥᠭᠡᠳ ᠴᠠᠭᠳᠠᠭ᠎ᠠ ᠬᠠᠷᠠᠵᠤ ᠬᠠᠮᠢᠶᠠᠷᠤᠨ ᠬᠥᠮᠦᠨ ᠲᠡᠷᠭᠡ ᠳᠤᠷ᠎ᠠ ᠪᠠᠷ ᠢᠶᠠᠨ ᠣᠷᠣᠵᠤ ᠭᠠᠷᠬᠤ ᠠᠴᠠ ᠰᠡᠷᠭᠡᠶᠢᠯᠡᠵᠦ ᠪᠤᠢ﹀ ᠭᠡᠵᠦ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠢᠨᠬᠤᠸᠠ ᠵᠡᠭᠡᠯᠢ ᠶᠢᠨ ᠲᠣᠮᠢᠯᠠᠭᠰᠠᠨ ᠰᠠᠯᠪᠤᠷᠢ ᠶᠢᠨ ᠸᠠᠩ ᠶᠢᠩ ᠴᠢᠩ ᠶᠠᠷᠢᠨ᠎ᠠ᠃ ᠠᠷᠠᠳ ᠤᠨ ᠴᠠᠭᠳᠠᠭ᠎ᠠ ᠪᠠ ᠰᠠᠶᠢᠨ ᠳᠤᠷᠠᠴᠤᠳ ᠠᠴᠠ ᠬᠥᠮᠥᠨ ᠬᠠᠷ᠎ᠠ᠂ ᠲᠡᠷᠭᠡ ᠤᠨᠤᠭ᠎ᠠ ᠵᠢᠴᠢ ᠡᠳ᠋ ᠪᠣᠳᠠᠰ ᠵᠥᠭᠡᠭᠡᠪᠦᠷᠢᠯᠡᠬᠦ ᠲᠡᠷᠭᠡ ᠮᠠᠰᠢᠨ ᠢ ᠨᠢᠭᠡᠳ ᠨᠢᠭᠡ ᠪᠠᠷ ᠳᠡᠩᠰᠡᠯᠡᠨ ᠲᠡᠮᠳᠡᠭᠯᠡᠵᠦ᠂ ᠠᠷᠢᠭᠤᠳᠬᠠᠭᠰᠠᠨ ᠤ ᠳᠠᠷᠠᠭ᠎ᠠ ᠰᠠᠶ᠋ᠢ ᠲᠤᠰ ᠬᠤᠷᠢᠶᠠᠯᠠᠯ ᠤᠨ ᠬᠤᠶᠢᠲᠤ ᠡᠭᠦᠳᠡ ᠪᠠᠷ ᠤᠷᠤᠭᠤᠯᠵᠦ ᠭᠠᠷᠭᠠᠵᠦ ᠪᠤᠢ᠂ ᠬᠦᠨᠳᠦ ᠡᠪᠡᠳᠴᠢᠨ ᠳᠤ ᠨᠡᠷᠪᠡᠭᠳᠡᠭᠡᠳ ᠣᠨᠴᠠᠭᠠᠶ ᠡᠮᠴᠢᠯᠡᠭᠡ ᠬᠢᠯᠭᠡᠬᠦ ᠴᠢᠬᠤᠯᠠᠲᠠᠶ 4 ᠰᠠᠭᠤᠭᠠᠯᠢ ᠠᠷᠠᠳ ᠢ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠠᠪᠤᠷᠠᠨ ᠲᠤᠰᠠᠯᠠᠬᠤ ᠲᠡᠷᠭᠡ ᠪᠠᠷ ᠲᠤᠰᠴᠤ ᠬᠦᠷᠭᠡᠬᠦ ᠠᠴᠠ ᠭᠠᠳᠠᠨ᠎ᠠ᠂ ᠪᠤᠰᠤᠳ ᠰᠠᠭᠤᠭᠠᠯᠢ ᠠᠷᠠᠳ ᠢ ᠴᠥᠮ ᠬᠡᠷ ᠲᠤᠨᠢ ᠲᠤᠰᠠᠭᠠᠷᠯᠠᠵᠤ ᠪᠤᠢ᠃ ︽ᠲᠤᠰ ᠬᠤᠷᠢᠶᠠᠯᠠᠯ ᠤᠨ ᠬᠤᠶᠢᠲᠤ ᠡᠭᠦᠳᠡᠨ ᠳᠤ᠂ ᠠᠷᠠᠳ ᠤᠨ ᠴᠠᠭᠳᠠᠭ᠎ᠠ 24 ᠴᠠᠭ ᠲᠠᠰᠤᠷᠠᠯᠲᠠ ᠥᠬᠡᠶ ᠲᠣᠭᠤᠷᠢᠨ ᠴᠠᠭᠳᠠᠵᠤ᠂ ᠴᠢᠩᠭ᠎ᠠ ᠬᠠᠮᠢᠶᠠᠷᠤᠯᠲᠠ ᠶᠠᠪᠤᠭᠤᠯᠤᠨ᠂ ᠡᠮᠬᠢ ᠵᠢᠷᠤᠮ ᠲᠠᠢ ᠲᠣᠬᠢᠷᠠᠭᠤᠯᠤᠯᠲᠠ ᠶᠢ ᠦᠨᠡᠨᠬᠦ ᠪᠠᠳᠤᠯᠠᠵᠦ ᠪᠤᠢ︾ ᠭᠡᠵᠦ ᠸᠠᠩ ᠶᠢᠩ ᠴᠢᠩ ᠬᠡᠯᠡᠨ᠎ᠡ᠃ ᠬᠤᠷᠢᠶᠠᠯᠠᠯ ᠢ ᠪᠢᠲᠡᠭᠦᠮᠵᠢᠯᠡᠨ ᠲᠤᠰᠠᠭᠠᠷᠯᠠᠭᠰᠠᠨ ᠮᠡᠳᠡᠭᠡ ᠶᠢ ᠲᠤᠰᠤᠭᠰᠠᠨ ᠤ ᠳᠠᠷᠠᠭ᠎ᠠ᠂ ᠲᠣᠰ ᠬᠤᠷᠢᠶᠠᠯᠠᠯ ᠤᠨ ᠠᠳᠠᠯ ᠠᠬᠤᠶ ᠶᠢᠨ ᠬᠠᠮᠢᠶᠠᠷᠤᠯᠳᠠ ᠶᠢ ᠬᠠᠷᠢᠭᠤᠴᠠᠵᠦ ᠪᠠᠶᠢᠭ᠎ᠠ ᠥᠪᠥᠷ ᠮᠣᠩᠭᠤᠯ ᠤᠨ ᠶᠠᠩ ᠸᠠᠩ ᠠᠳᠠᠯ ᠠᠬᠤᠶ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠠᠷᠤᠶ ᠳᠥᠷᠭᠡᠨ ᠸᠢᠴᠠᠲ ᠤᠨ ᠬᠤᠯᠪᠤᠭᠠᠨ ᠳᠤ ᠠᠮᠢᠳᠤᠷᠠᠯ ᠤᠨ ᠡᠳ᠋ ᠪᠣᠳᠠᠰ ᠢ ᠲᠣᠬᠢᠷᠠᠭᠤᠯᠤᠨ ᠬᠦᠷᠭᠡᠬᠦ ᠤᠲᠠᠰᠤ ᠨᠡᠶᠢᠲᠡᠯᠡᠭᠰᠡᠨ ᠪᠥᠭᠡᠳ ᠲᠤᠰᠠᠭᠠᠷᠯᠠᠭᠰᠠᠨ ᠰᠠᠭᠤᠭᠠᠯᠢ ᠠᠷᠠᠳ ᠲᠤ ᠰᠦᠯᠵᠢᠶᠡᠨ ᠳᠡᠭᠡᠷᠡᠬᠢ ᠦᠢᠯᠡᠴᠢᠯᠡᠭᠡ ᠬᠠᠩᠭᠠᠪᠠ᠃ ︽ᠣᠲᠣ ᠲᠤᠰ ᠬᠤᠷᠢᠶᠠᠯᠠᠯ ᠳᠤ 11 ᠠᠳᠠᠯ ᠠᠬᠤᠶ ᠶᠢᠨ ᠠᠵᠢᠯᠲᠠᠨ ᠲᠠᠢ ᠪᠠᠶᠢᠵᠤ᠂ ᠡᠳᠦᠷ ᠪᠦᠷᠢ ᠬᠤᠷᠢᠶᠠᠯᠠᠯ ᠬᠢᠭᠡᠳ ᠣᠯᠠᠨ ᠨᠡᠶᠢᠲᠡ ᠶᠢᠨ ᠲᠣᠭᠤᠷᠢᠭ ᠢ ᠠᠷᠢᠭᠤᠳᠬᠠᠵᠤ ᠪᠠᠶᠢᠨ᠎ᠠ︾ ᠭᠡᠵᠦ ᠠᠳᠠᠯ ᠠᠬᠤᠶ ᠶᠢᠨ ᠳᠠᠭᠠᠭᠠᠮᠠᠯ ᠳ᠋ᠠᠶ ᠰᠢᠤᠸᠠᠢ ᠯᠢᠩ ᠭᠡᠯᠡᠨ᠎ᠡ᠃ ᠡᠭᠦᠨ ᠠᠴᠠ ᠭᠠᠳᠠᠨ᠎ᠠ ᠲᠤᠰᠬᠠᠶ ᠠᠷᠢᠭᠤᠳᠬᠠᠬᠤ ᠠᠵᠢᠯ ᠢ ᠡᠷᠬᠢᠯᠡᠳᠡᠭ ᠺᠣᠮᠫᠠᠨᠢ ᠠᠴᠠ ᠡᠳᠦᠷ ᠪᠦᠷᠢ ᠠᠷᠢᠭᠤᠳᠬᠠᠯ ᠬᠢᠳᠡᠭ᠃ ︽ᠵᠢᠶᠠᠨ ᠺᠠᠩ ᠬᠤᠸᠠ ᠶᠤᠸᠠᠨ ᠨᠡᠶᠢᠭᠡᠮ ᠲᠣᠭᠤᠷᠢᠭ ᠤᠨ ᠠᠵᠢᠯᠲᠠᠳ ᠬᠤᠷᠢᠶᠠᠯᠠᠯ ᠠᠴᠠ ᠰᠠᠯᠤᠯ ᠦᠭᠡᠢ ᠦᠢᠯᠡᠴᠢᠯᠡᠭᠡ ᠬᠠᠩᠭᠠᠵᠦ᠂ ᠰᠠᠭᠤᠭᠠᠯᠢ ᠠᠷᠠᠳ ᠲᠤ ᠠᠮᠢᠳᠤᠷᠠᠯ ᠤᠨ ᠡᠳ᠋ ᠪᠣᠳᠠᠰ ᠲᠤᠬᠢᠷᠠᠭᠤᠯᠤᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠡᠳᠦᠷ ᠪᠦᠷᠢ ᠠᠷᠪᠠᠨ ᠬᠡᠳᠦᠨ ᠴᠠᠭ ᠠᠵᠢᠯᠯᠠᠵᠦ ᠪᠤᠢ︾ ᠭᠡᠵᠦ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠶᠠᠩ ᠽᠠᠢ ᠪᠢᠨ ᠶᠠᠷᠢᠨ᠎ᠠ᠃ ᠨᠡᠶᠢᠭᠡᠮ ᠲᠣᠭᠤᠷᠢᠭ ᠤᠨ ᠡᠵᠡᠮᠰᠢᠭᠰᠡᠨ ᠰᠠᠭᠤᠭᠠᠯᠢ ᠠᠷᠠᠳ ᠤᠨ ᠮᠠᠲ᠋ᠧᠷᠢᠶᠠᠯ ᠮᠠᠰᠢ ᠪᠦᠷᠢᠨ ᠪᠠᠶᠢᠵᠦ᠂ ᠬᠠᠪᠰᠤᠷᠤᠯᠭ᠎ᠠ ᠴᠢᠬᠤᠯᠠᠳᠠᠢ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠠᠵᠢᠯᠳᠠᠨ ᠲᠠᠢ ᠬᠠᠷᠢᠯᠴᠠᠪᠠᠯ᠂ ᠲᠡᠳᠡ ᠰᠠᠭᠤᠭᠠᠯᠢ ᠠᠷᠠᠳ ᠢ ᠴᠠᠭ ᠲᠤᠬᠠᠢ ᠳᠤᠨᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠦᠭᠴᠦ ᠪᠠᠶᠢᠨ᠎ᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号