ᠮᠠᠨ ᠤ ᠠᠶᠢᠮᠠᠭ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠤ ᠪᠦᠬᠦ ᠠᠶᠢᠮᠠᠬ ᠤᠨ ᠬᠢᠵᠢᠭ ᠤᠨ ᠰᠡᠷᠭᠡᠶᠢᠯᠡᠨ ᠬᠠᠮᠢᠶᠠᠷᠤᠯᠳᠠ ᠶᠢᠨ ᠠᠵᠢᠯ ᠪᠤᠯᠤᠨ ᠡᠵᠡᠨ᠎ᠡ ᠬᠤᠰᠢᠭᠤᠨ ᠤ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠪᠠᠶᠢᠳᠠᠯ ᠢ ᠨᠡᠶᠢᠳᠡᠯᠡᠪᠡ
ᠨᠡᠶᠢᠲᠡᠯᠡᠭᠰᠡᠨ ᠴᠠᠭ᠄
2021/10/28
ᠰᠡᠴᠡᠨᠪᠠᠳᠤ ᠰᠢᠤᠢ ᠶᠢᠤ ᠯᠸᠢ 10 ᠰᠠᠷ᠎ᠠ ᠶᠢᠨ 26᠎ ᠤᠨ ᠡᠳᠦᠷ ᠤᠨ ᠦᠳᠡ ᠶᠢᠨ ᠬᠤᠶᠢᠨ᠎ᠠ᠂ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠷᠭᠤᠳᠤᠭᠠᠷ ᠲᠠᠯᠠᠪᠤᠷ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠡᠵᠡᠨ᠎ᠡ ᠬᠤᠰᠢᠭᠤᠨ ᠤ ᠲᠠᠯᠠᠶᠢᠭᠦ᠋ᠪ ᠪᠠᠯᠭᠠᠰᠤᠨ ᠳᠤ ᠬᠤᠷᠠᠯᠳᠤᠵᠤ᠂ ᠪᠦᠬᠦ ᠠᠶᠢᠮᠠᠬ ᠤᠨ ᠨᠢᠭᠡᠨᠳᠡ ᠤᠨᠤᠰᠢᠯᠠᠬᠰᠠᠨ ᠡᠪᠡᠳᠴᠢᠳᠠᠨ ᠤ ᠪᠠᠶᠢᠳᠠᠯ ᠪᠤᠯᠤᠨ ᠡᠵᠡᠨ᠎ᠡ ᠬᠤᠰᠢᠭᠤᠨ ᠤ ᠪᠦᠬᠦ ᠠᠷᠠᠳ ᠤᠨ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠪᠠᠶᠢᠳᠠᠯ ᠢ ᠨᠡᠶᠢᠳᠡᠯᠡᠪᠡ᠃ 10 ᠰᠠᠷ᠎ᠠ ᠶᠢᠨ 25᠎ ᠤ ᠡᠳᠦᠷ ᠤᠨ 7 ᠴᠠᠭ ᠠᠴᠠ 10 ᠰᠠᠷ᠎ᠠ ᠶᠢᠨ 26᠎ ᠤ ᠡᠳᠦᠷ ᠤᠨ 8 ᠴᠠᠭ ᠪᠤᠯᠳᠠᠯ᠎ᠠ ᠪᠦᠬᠦ ᠠᠶᠢᠮᠠᠬ ᠤᠨ ᠰᠢᠨ᠎ᠡ ᠪᠠᠷ ᠤᠨᠤᠰᠢᠯᠠᠵᠤ ᠨᠡᠮᠡᠭᠳᠡᠭᠰᠡᠨ ᠡᠪᠡᠳᠴᠢᠳᠠᠨ 35 ᠪᠤᠯᠵᠤ᠂ ᠪᠦᠭᠦᠳᠡᠭᠡᠷ ᠢᠶᠠᠨ ᠡᠵᠡᠨ᠎ᠡ ᠬᠤᠰᠢᠭᠤᠨ ᠳᠤ ᠪᠠᠶᠢᠨ᠎ᠠ᠃ ᠤᠳᠤ ᠪᠤᠯᠳᠠᠯ᠎ᠠ᠂ ᠪᠦᠬᠦ ᠠᠶᠢᠮᠠᠬ ᠲᠤ ᠨᠢᠭᠡᠨᠳᠡ ᠤᠨᠤᠰᠢᠯᠠᠬᠰᠠᠨ ᠡᠪᠡᠳᠴᠢᠨ 79 ᠬᠦᠷᠴᠦ᠂ ᠡᠭᠦᠨ ᠳᠤ ᠡᠵᠡᠨ᠎ᠡ ᠬᠤᠰᠢᠭᠤᠨ ᠳᠤ 78 ᠡᠪᠡᠳᠴᠢᠳᠠᠨ᠂ ᠠᠯᠠᠱᠠ ᠵᠡᠭᠦᠨ ᠬᠤᠰᠢᠭᠤᠨ ᠳᠤ 1 ᠡᠪᠡᠳᠴᠢᠳᠠᠨ ᠪᠠᠶᠢᠨ᠎ᠠ᠃ ᠤᠨᠤᠰᠢᠯᠠᠬᠰᠠᠨ 1 ᠳ᠋ᠤᠭᠡᠷ ᠡᠪᠡᠳᠴᠢᠳᠡᠨ ᠠᠴᠠ 29 ᠳ᠋ᠤᠭᠡᠷ ᠡᠪᠡᠳᠴᠢᠳᠠᠨ ᠨᠢ ᠡᠵᠡᠨ᠎ᠡ ᠬᠤᠰᠢᠭᠤᠨ ᠤ ᠪᠦᠬᠦ ᠠᠷᠠᠳ ᠤᠨ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ ᠪᠠᠷ ᠲᠠᠮᠵᠢᠨ ᠠᠷᠭ᠎ᠠ ᠴᠢᠨᠠᠷ ᠢᠯᠡᠷᠡᠵᠤ᠂ ᠲᠤᠰᠬᠠᠢ ᠮᠡᠷᠭᠡᠵᠢᠯᠳᠡᠨ ᠤ ᠲᠤᠳᠤᠯᠠᠬᠰᠠᠨ ᠢᠶᠠᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠤᠨᠤᠰᠢᠯᠠᠪᠠ᠃ 30 ᠳ᠋ᠤᠭᠠᠷ ᠡᠪᠡᠳᠴᠢᠳᠡᠨ ᠠᠴᠠ 32 ᠳ᠋ᠤᠭᠠᠷ ᠡᠪᠡᠳᠴᠢᠳᠡᠨ ᠨᠢ ᠡᠵᠡᠨ᠎ᠡ ᠬᠤᠰᠢᠭᠤᠨ ᠳᠤ ᠲᠦᠪᠯᠡᠷᠡᠭᠦᠯᠦᠨ ᠲᠤᠰᠠᠭᠠᠷᠯᠠᠵᠤ ᠪᠠᠶᠢᠬᠰᠠᠨ ᠬᠦᠮᠦᠨ ᠤ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠳ᠋ᠦᠩ ᠨᠢ ᠠᠷᠭ᠎ᠠ ᠴᠢᠨᠠᠷ ᠲᠠᠢ ᠪᠤᠯᠵᠤ᠂ ᠲᠤᠰᠬᠠᠢ ᠮᠡᠷᠭᠡᠵᠢᠯᠳᠡᠨ ᠤ ᠲᠤᠳᠤᠯᠠᠬᠰᠠᠨ ᠢᠶᠠᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠤᠨᠤᠰᠢᠯᠠᠪᠠ᠃ 33 ᠳ᠋ᠤᠭᠠᠷ ᠡᠪᠡᠳᠴᠢᠳᠡᠨ᠂ 34 ᠳ᠋ᠤᠬᠡᠷ ᠡᠪᠡᠳᠴᠢᠳᠡᠨ ᠪᠤᠯ ᠡᠵᠡᠨ᠎ᠡ ᠬᠤᠰᠢᠭᠤᠨ ᠳᠤ ᠦᠪᠡᠷ ᠤᠨ ᠰᠠᠶᠢᠨ ᠲᠤᠷ᠎ᠠ ᠠᠴᠠ ᠪᠠᠨ ᠬᠤᠪᠢ ᠬᠦᠮᠦᠨ ᠤ ᠮᠡᠳᠡᠭᠦᠯᠦᠯᠳᠡ ᠬᠢᠭᠰᠡᠨ ᠬᠦᠮᠦᠰ ᠤᠨ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠳ᠋ᠦᠩ ᠳᠤ ᠠᠷᠭ᠎ᠠ ᠴᠢᠨᠠᠷ ᠢᠯᠡᠷᠡᠵᠤ᠂ ᠲᠤᠰᠬᠠᠢ ᠮᠡᠷᠭᠡᠵᠢᠯᠳᠡᠨ ᠤ ᠲᠤᠳᠤᠯᠠᠬᠰᠠᠨ ᠢᠶᠠᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠤᠨᠤᠰᠢᠯᠠᠪᠠ᠃ 35 ᠳ᠋ᠤᠭᠠᠷ ᠡᠪᠡᠳᠴᠢᠳᠡᠨ ᠪᠤᠯ ᠦᠪᠡᠷ ᠤᠨ ᠰᠠᠶᠢᠨ ᠲᠤᠷ᠎ᠠ ᠠᠴᠠ ᠪᠠᠨ ᠡᠮᠨᠡᠯᠭᠡ ᠳᠤ ᠡᠮᠴᠢᠯᠡᠭᠡ ᠬᠢᠵᠤ ᠪᠠᠶᠢᠬᠤ ᠬᠤᠭᠤᠴᠠᠭᠠᠨ ᠳᠤ ᠬᠢᠭᠰᠡᠨ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠨᠢ ᠠᠷᠭ᠎ᠠ ᠴᠢᠨᠠᠷ ᠲᠠᠢ ᠪᠤᠯᠵᠤ᠂ ᠲᠤᠰᠬᠠᠢ ᠮᠡᠷᠭᠡᠵᠢᠯᠳᠡᠨ ᠤ ᠲᠤᠳᠤᠯᠠᠬᠰᠠᠨ ᠢᠶᠠᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠤᠨᠤᠰᠢᠯᠠᠪᠠ᠃ ᠤᠳᠤᠬᠠᠨ ᠳᠤ ᠨᠢᠭᠡᠨᠳᠡ ᠤᠨᠤᠰᠢᠯᠠᠬᠰᠠᠨ ᠪᠦᠬᠦ ᠡᠪᠡᠳᠴᠢᠳᠠᠨ ᠢ ᠲᠤᠬᠳᠠᠬᠰᠠᠨ ᠡᠮᠨᠡᠯᠭᠡ ᠶᠢᠨ ᠬᠤᠷᠢᠶᠠᠨ ᠳᠤ ᠡᠮᠴᠢᠯᠡᠭᠡ ᠬᠢᠵᠤ᠂ ᠪᠡᠶ᠎ᠡ ᠶᠢᠨ ᠪᠠᠶᠢᠳᠠᠯ ᠨᠢ ᠲᠤᠬᠳᠠᠭᠤᠨ ᠪᠠᠶᠢᠵᠤ᠂ ᠤᠯᠤᠰ᠂ ᠦᠪᠡᠷᠳᠡᠭᠡᠨ ᠵᠠᠰᠠᠬᠤ ᠤᠷᠤᠨ ᠤ ᠲᠤᠰᠬᠠᠢ ᠮᠡᠷᠭᠡᠵᠢᠯᠳᠡᠨ ᠤ ᠵᠢᠯᠤᠭᠤᠳᠤᠯᠭ᠎ᠠ ᠲᠤᠤᠷ᠎ᠠ ᠨᠢᠭᠡᠨᠳᠡ ᠤᠨᠤᠰᠢᠯᠠᠬᠰᠠᠨ ᠡᠪᠡᠳᠴᠢᠳᠡᠨ ᠳᠤ ᠬᠢᠵᠢᠭ ᠡᠪᠡᠳᠴᠢᠨ ᠤ ᠪᠠᠶᠢᠴᠠᠭᠠᠨ ᠰᠤᠳᠤᠯᠤᠯ ᠬᠢᠵᠤ ᠪᠠᠶᠢᠨ᠎ᠠ᠃ ᠰᠤᠷᠪᠤᠯᠵᠢᠯᠠᠬᠴᠢ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠦᠢᠯᠠᠭᠠᠬᠰᠠᠨ ᠢᠶᠠᠷ᠂ ᠤᠳᠤᠬᠠᠨ ᠳᠤ ᠡᠵᠡᠨ᠎ᠡ ᠬᠤᠰᠢᠭᠤᠨ ᠤ ᠭᠤᠷᠪᠠᠳᠤᠭᠠᠷ ᠡᠭᠡᠯᠵᠢ ᠶᠢᠨ ᠪᠦᠬᠦ ᠠᠷᠠᠳ ᠤᠨ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠳᠤ ᠨᠡᠶᠢᠳᠡ 41082 ᠬᠦᠮᠦᠨ ︵ᠴᠡᠭᠡ ᠪᠤᠭᠤᠮᠳᠠ ᠶᠢᠨ 3826 ᠬᠦᠮᠦᠨ ᠪᠠᠭᠳᠠᠵᠤ ᠪᠠᠶᠢᠨ᠎ᠠ︶᠎ ᠠᠴᠠ ᠦᠯᠢᠭᠡᠷ ᠠᠪᠴᠤ᠂ 20 ᠬᠦᠮᠦᠨ ᠤ ᠦᠯᠢᠭᠡᠷ ᠠᠷᠭ᠎ᠠ ᠴᠢᠨᠠᠷ ᠲᠠᠢ ᠢᠯᠡᠷᠡᠵᠡᠢ᠃ ᠰᠤᠨᠢᠨ ᠮᠡᠳᠡᠭᠡ ᠨᠡᠶᠢᠳᠡᠯᠡᠬᠦ ᠬᠤᠷᠠᠯ ᠳᠤ᠂ ᠰᠤᠷᠪᠤᠯᠵᠢᠯᠠᠬᠴᠢ ᠠᠴᠠ ᠭᠠᠳᠠᠷ ᠤᠷᠤᠨ ᠤ ᠵᠤᠭᠠᠴᠠᠬᠰᠠᠳ ᠤᠨ ᠬᠤᠭᠤᠯᠠ ᠤᠮᠳᠠᠭᠠᠨ᠂ ᠬᠤᠨᠤᠭ ᠪᠠᠭᠤᠳᠠᠯ ᠤᠨ ᠬᠡᠷᠡᠭᠴᠡᠭᠡ ᠱᠠᠭᠠᠷᠳᠠᠯᠭ᠎ᠠ ᠶᠢ ᠶᠠᠭᠠᠬᠢᠵᠤ ᠵᠤᠬᠢᠴᠠᠭᠤᠯᠵᠤ ᠪᠠᠶᠢᠬᠤ᠂ ᠪᠦᠬᠦ ᠠᠷᠠᠳ ᠤᠨ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠴᠢᠭ ᠤᠨ ᠬᠡᠪ ᠤᠨ ᠠᠵᠢᠯᠯᠠᠬᠤ ᠪᠠᠶᠢᠳᠠᠯ ᠢ ᠶᠠᠭᠠᠬᠢᠵᠤ ᠪᠠᠳᠤᠯᠠᠬᠤ᠂ ᠬᠢᠵᠢᠭ ᠤᠨ ᠰᠡᠷᠭᠡᠶᠢᠯᠡᠨ ᠬᠠᠮᠢᠶᠠᠷᠤᠯᠳᠠ ᠶᠢᠨ ᠠᠵᠢᠯᠳᠠᠨ ᠤ ᠬᠦᠴᠦ ᠶᠢ ᠪᠠᠳᠤᠯᠠᠵᠤ᠂ ᠰᠠᠭᠤᠭᠠᠯᠢ ᠠᠷᠠᠳ ᠤᠨ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠳᠠ ᠶᠢᠨ ᠠᠵᠢᠯ ᠢ ᠶᠠᠭᠠᠬᠢᠵᠤ ᠬᠢᠬᠦ ᠲᠤᠬᠠᠢ ᠠᠰᠠᠭᠤᠳᠠᠯ ᠳᠤ ᠡᠵᠡᠨ᠎ᠡ ᠬᠤᠰᠢᠭᠤᠨ ᠤ ᠨᠠᠮ ᠵᠠᠰᠠᠭ ᠤᠨ ᠬᠠᠮᠢᠶ᠎ᠠ ᠪᠦᠬᠦᠢ ᠰᠠᠯᠠᠭ᠎ᠠ ᠤᠨ ᠬᠠᠷᠢᠭᠤᠴᠠᠯᠭᠠᠳᠠᠨ ᠠᠴᠠ ᠬᠠᠷᠢᠭᠤᠯᠳᠠ ᠦᠭᠴᠦ ᠲᠠᠶᠢᠯᠪᠤᠷᠢᠯᠠᠯᠳᠠ ᠬᠢᠪᠡ᠃ ᠤᠳᠤᠬᠠᠨ ᠳᠤ ᠡᠵᠡᠨ᠎ᠡ ᠬᠤᠰᠢᠭᠤᠨ ᠳᠤ ᠭᠠᠳᠠᠷ ᠤᠷᠤᠨ ᠤ 9412 ᠬᠦᠮᠦᠨ ᠬᠤᠴᠤᠷᠤᠵᠤ᠂ ᠰᠧᠴᠤᠸᠠᠨ᠂ ᠠᠨ᠊ ᡁᠦᠢ᠂ ᠵᠢᠶᠠᠩᠰᠤ᠂ ᠱᠠᠩᠬᠠᠢ ᠵᠡᠷᠭᠡ ᠭᠠᠵᠠᠷ ᠤᠷᠤᠨ ᠤ ᠵᠤᠭᠠᠴᠠᠬᠴᠢ ᠪᠠᠷ ᠭᠤᠤᠯᠳᠠᠯᠠᠵᠤ᠂ ᠡᠵᠡᠨ᠎ᠡ ᠬᠤᠰᠢᠭᠤᠨ ᠤ ᠵᠠᠰᠠᠬ ᠤᠨ ᠤᠷᠳᠤᠨ ᠠᠴᠠ ᠡᠳᠡᠭᠡᠷ ᠵᠤᠭᠠᠴᠠᠬᠰᠠᠳ ᠲᠤ ᠦᠢᠯᠡᠴᠢᠯᠡᠬᠦ ᠲᠤᠰᠬᠠᠢ ᠠᠵᠢᠯᠯᠠᠬᠤ ᠠᠩᠬᠢ ᠶᠢ ᠪᠠᠶᠢᠭᠤᠯᠤᠨ᠂ ᠵᠤᠭᠠᠴᠠᠬᠴᠢ ᠶᠢᠨ ᠬᠦᠮᠦᠨ ᠤ ᠲᠤᠭ᠎ᠠ ᠶᠢ ᠪᠦᠷᠢᠳᠭᠡᠬᠦ ᠵᠢᠴᠢ ᠪᠤᠰᠤᠳ ᠲᠠᠯ᠎ᠠ ᠶᠢᠨ ᠦᠢᠯᠡᠴᠢᠯᠡᠭᠡ ᠬᠠᠩᠭᠠᠬᠤ ᠳᠤ ᠠᠵᠢᠯᠯᠠᠭᠤᠯᠵᠤ ᠪᠠᠶᠢᠨ᠎ᠠ᠃ ᠤᠳᠤ ᠪᠤᠯᠳᠠᠯ᠎ᠠ ᠠᠶᠢᠮᠠᠬ ᠤᠨ ᠲᠡᠰ ᠤᠨ ᠡᠳ᠋ ᠤᠨ ᠵᠠᠰᠠᠭ ᠠᠴᠠ 5000 ᠲᠦᠮᠡᠨ ᠲᠦᠭᠦᠷᠢᠭ ᠤᠨ ᠬᠢᠵᠢᠭ ᠲᠠᠢ ᠲᠡᠮᠡᠴᠡᠬᠦ ᠲᠤᠰᠬᠠᠢ ᠪᠡᠯᠡ ᠮᠦᠩᠭᠦ ᠪᠠᠭᠤᠯᠭᠠᠵᠤ᠂ ᠨᠡᠶᠢᠬᠡᠮ ᠤᠨ ᠡᠯ᠎ᠡ ᠡᠳᠡᠭᠡᠷ ᠤᠨ ᠲᠤᠰᠠᠯᠠᠬᠰᠠᠨ ᠪᠤᠳᠠᠰ ᠤᠨ ᠦᠷᠳᠡᠭ ᠨᠢ 1000 ᠭᠠᠷᠤᠢ ᠲᠦᠮᠡᠨ ᠲᠦᠭᠦᠷᠢᠭ ᠲᠤ ᠬᠦᠷᠴᠦ᠂ ᠵᠤᠭᠤᠰ ᠮᠦᠩᠭᠦ 200 ᠲᠦᠮᠡᠨ ᠲᠦᠭᠦᠷᠢᠭ ᠲᠤᠰᠠᠯᠠᠵᠤ᠂ ᠬᠢᠵᠢᠭ ᠤᠨ ᠰᠡᠷᠭᠡᠶᠢᠯᠡᠯᠳᠡ ᠶᠢᠨ ᠡᠮᠦᠨ᠎ᠡ ᠹᠷᠤᠨᠲ ᠲᠤ ᠠᠵᠢᠯᠯᠠᠵᠤ ᠪᠠᠶᠢᠭ᠎ᠠ ᠬᠦᠮᠦᠰ᠂ ᠰᠠᠭᠤᠭᠠᠯᠢ ᠠᠷᠠᠳ᠂ ᠵᠤᠭᠠᠴᠠᠬᠰᠠᠳ ᠤᠨ ᠠᠮᠢᠳᠤᠷᠠᠯ ᠤᠨ ᠬᠡᠷᠡᠭᠯᠡᠭᠡᠨ ᠤ ᠪᠤᠳᠠᠰ ᠢ 189 ᠲᠤᠨ᠂ ᠡᠮ ᠡᠮᠨᠡᠯᠭᠡ ᠶᠢᠨ ᠪᠤᠳᠠᠰ ᠢ 24 ᠲᠦᠮᠡᠨ ᠵᠠᠬ᠎ᠠ ᠬᠦᠮᠦᠷᠭᠡᠯᠡᠪᠡ᠃ 10 ᠰᠠᠷ᠎ᠠ ᠶᠢᠨ 22᠎ ᠤᠨ ᠡᠳᠦᠷ ᠠᠴᠠ ᠡᠬᠢᠯᠡᠵᠤ᠂ ᠡᠵᠡᠨ᠎ᠡ ᠬᠤᠰᠢᠭᠤᠨ ᠭᠠᠳᠠᠷ ᠤᠷᠤᠨ ᠤ ᠵᠤᠭᠠᠴᠠᠬᠰᠠᠳ ᠲᠤ ᠨᠢᠭᠡ ᠡᠷᠡᠨ ᠤ ᠬᠤᠭᠤᠯᠠ᠂ ᠠᠮᠠᠪᠴᠢ᠂ ᠲᠦᠭᠦᠮ ᠭᠤᠯᠢᠷ ᠵᠡᠷᠭᠡ ᠶᠢ ᠦᠨ᠎ᠡ ᠲᠦᠯᠦᠪᠦᠷᠢ ᠦᠭᠡᠢ ᠬᠦᠷᠭᠡᠵᠤ᠂ ᠡᠮ ᠲᠠᠩ᠂ ᠠᠮᠢᠳᠤᠷᠠᠯ ᠤᠨ ᠪᠤᠳᠠᠰ ᠢ ᠤᠷᠤᠯᠠᠨ ᠬᠤᠳᠠᠯᠳᠤᠵᠤ ᠠᠪᠬᠤ ᠠᠵᠢᠯᠳᠠᠨ ᠲᠤᠬᠢᠷᠠᠭᠤᠯᠤᠨ ᠦᠢᠯᠡᠴᠢᠯᠡᠵᠤ᠂ ᠪᠠᠭᠤᠳᠠᠯ ᠤᠨ ᠦᠨ᠎ᠡ ᠬᠠᠩᠰᠢ ᠶᠢ ᠡᠳᠦᠷ ᠪᠦᠷᠢ 200᠎ ᠠᠴᠠ ᠲᠤᠷᠤᠬᠰᠢ ᠪᠠᠶᠢᠯᠭᠠᠬᠤ ᠶᠢ ᠪᠠᠳᠤᠯᠠᠵᠤ᠂ ᠬᠢᠵᠢᠭ ᠤᠨ ᠰᠡᠷᠭᠡᠶᠢᠯᠡᠯᠳᠡ ᠶᠢᠨ ᠬᠤᠭᠤᠴᠠᠭᠠᠨ ᠤ ᠪᠤᠳᠠᠰ ᠤᠨ ᠭᠦᠢᠯᠭᠡᠭᠡᠨ ᠤ ᠪᠠᠳᠤᠯᠠᠭ᠎ᠠ ᠶᠢ ᠰᠠᠶᠢᠨ ᠬᠢᠬᠦ ᠶᠢᠨ ᠲᠦᠯᠦᠭᠡ ᠡᠵᠡᠨ᠎ᠡ ᠬᠤᠰᠢᠭᠤᠨ ᠤ ᠵᠠᠰᠠᠭ ᠤᠨ ᠤᠷᠳᠤᠨ ᠬᠦᠷᠰᠢ ᠵᠡᠷᠭᠡᠯᠡᠳᠡᠭᠡ ᠭᠠᠵᠠᠷ ᠤᠷᠤᠨ ᠲᠠᠢ ᠢᠳᠡᠪᠬᠢᠳᠡᠢ ᠬᠠᠮᠵᠢᠯᠴᠠᠨ ᠲᠡᠮᠦᠷ ᠵᠠᠮ᠂ ᠵᠠᠰᠠᠮᠠᠯ ᠵᠠᠮ᠂ ᠠᠭᠠᠷ ᠠᠶᠠᠯᠠᠯ ᠤᠨ ᠱᠤᠭᠤᠮ ᠤᠨ ᠵᠦᠭᠡᠭᠡᠪᠦᠷᠢᠯᠡᠯᠳᠡ ᠶᠢ ᠰᠢᠯᠤᠭᠤᠳᠬᠠᠨᠵᠤ᠂ ᠡᠯ᠎ᠡ ᠵᠦᠢᠯ ᠤᠨ ᠪᠤᠳᠠᠰ ᠤᠨ ᠰᠠᠭᠠᠳ ᠦᠭᠡᠢ ᠵᠦᠭᠡᠭᠡᠪᠦᠷᠢᠯᠡᠨ ᠤᠷᠤᠵᠤ ᠢᠷᠡᠬᠦ ᠶᠢ ᠪᠠᠳᠤᠯᠠᠵᠤ ᠪᠠᠶᠢᠨ᠎ᠠ᠃ ᠤᠯᠤᠰ ᠪᠠ ᠦᠪᠡᠷᠳᠡᠭᠡᠨ ᠵᠠᠰᠠᠬᠤ ᠤᠷᠤᠨ ᠤ ᠵᠢᠯᠤᠭᠤᠳᠬᠤ ᠲᠤᠭᠤᠢᠢᠯᠠᠩ ᠤᠨ ᠱᠠᠭᠠᠷᠳᠠᠯᠭ᠎ᠠ ᠪᠠᠷ ᠪᠦᠬᠦ ᠠᠷᠠᠳ ᠤᠨ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ ᠠᠵᠢᠯ ᠤᠨ ᠲᠦᠰᠦᠯ ᠭᠠᠷᠭᠠᠵᠤ᠂ ᠦᠯᠢᠭᠡᠷ ᠠᠪᠬᠤ ᠬᠦᠮᠦᠨ ᠤ ᠬᠡᠪᠴᠢᠶ᠎ᠡ᠂ ᠦᠯᠢᠭᠡᠷ ᠠᠪᠬᠤ ᠴᠢᠭ ᠤᠨ ᠪᠠᠶᠢᠷᠢᠰᠢᠯ ᠲᠤᠬᠢᠷᠠᠭᠤᠯᠭ᠎ᠠ᠂ ᠦᠯᠢᠭᠡᠷ ᠠᠪᠬᠤ ᠠᠷᠭ᠎ᠠ ᠵᠡᠷᠭᠡ ᠠᠯᠬᠤᠮ ᠶᠠᠪᠤᠴᠠ ᠶᠢ ᠤᠯᠠᠮ ᠲᠤᠳᠤᠷᠬᠠᠢ ᠪᠤᠯᠭᠠᠵᠤ᠂ 10 ᠰᠠᠷ᠎ᠠ ᠶᠢᠨ 26᠎ ᠤ ᠡᠳᠦᠷ ᠤᠨ 12 ᠴᠠᠭ ᠠᠴᠠ ᠲᠠᠪᠤᠳᠤᠭᠠᠷ ᠡᠭᠡᠯᠵᠢ ᠶᠢᠨ ᠪᠦᠬᠦ ᠠᠷᠠᠳ ᠤᠨ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠦᠯᠢᠭᠡᠷ ᠠᠪᠬᠤ ᠠᠵᠢᠯ ᠢᠶᠠᠨ ᠡᠬᠢᠯᠡᠭᠦᠯᠵᠡᠢ᠃ 15 ᠪᠢᠳᠡᠭᠦᠮᠵᠢᠯᠡᠨ ᠬᠠᠮᠢᠶᠠᠷᠤᠯᠳᠠ ᠶᠢᠨ ᠲᠤᠭᠤᠷᠢᠬ ᠲᠤ 19 ᠦᠯᠢᠭᠡᠷ ᠠᠪᠬᠤ ᠴᠢᠭ ᠭᠠᠷᠭᠠᠵᠤ᠂ ᠰᠠᠭᠤᠭᠠᠯᠢ ᠬᠤᠷᠢᠶᠠᠯᠠᠯ ᠳᠤ ᠦᠯᠢᠭᠡᠷ ᠠᠪᠬᠤ ᠶᠢ ᠲᠤᠬᠢᠷᠠᠭᠤᠯᠤᠨ᠂ ᠬᠤᠪᠢ ᠶᠢᠨ ᠬᠤᠳᠠᠯᠳᠤᠭᠠᠨ ᠤ ᠡᠷᠦᠬᠡ ᠳᠤ ᠨᠡᠭᠦᠳᠡᠯ ᠦᠯᠢᠭᠡᠷ ᠠᠪᠬᠤ ᠠᠷᠭ᠎ᠠ ᠬᠡᠷᠡᠭᠵᠢᠭᠦᠯᠦᠨ᠂ ᠲᠦᠪᠯᠷᠡᠭᠦᠯᠦᠨ ᠲᠤᠰᠠᠭᠠᠷᠯᠠᠵᠤ ᠪᠠᠶᠢᠭ᠎ᠠ 12 ᠪᠠᠭᠤᠳᠠᠯ ᠳᠤ 12 ᠦᠯᠢᠭᠡᠷ ᠠᠪᠬᠤ ᠴᠢᠭ ᠭᠠᠷᠭᠠᠵᠡᠢ᠃ 22 ᠰᠡᠷᠭᠡᠶᠢᠯᠡᠨ ᠬᠠᠮᠢᠶᠠᠷᠤᠯᠳᠠ ᠶᠢᠨ ᠲᠤᠭᠤᠷᠢᠬ ᠲᠤ ᠪᠠᠶᠢᠳᠠᠯ ᠢ ᠦᠨᠳᠦᠰᠦᠯᠡᠨ 6 ᠦᠯᠢᠭᠡᠷ ᠠᠪᠬᠤ ᠴᠢᠭ ᠭᠠᠷᠭᠠᠵᠤ᠂ ᠲᠠᠯᠠᠶᠢᠭᠦ᠋ᠪ ᠪᠠᠯᠭᠠᠰᠤᠨ ᠤ ᠤᠯᠠᠭᠠᠨᠭᠡᠷᠡᠯ ᠭᠠᠴᠠᠭᠠᠨ ᠳᠤ 2 ᠦᠯᠢᠭᠡᠷ ᠠᠪᠬᠤ ᠠᠩᠬᠢ ᠵᠤᠬᠢᠶᠠᠨ ᠪᠠᠶᠢᠭᠤᠯᠵᠤ᠂ ᠮᠠᠯᠴᠢᠨ ᠲᠠᠷᠢᠶᠠᠴᠢᠨ᠂ ᠦᠵᠡᠮᠵᠢ ᠶᠢᠨ ᠤᠷᠤᠨ ᠤ ᠠᠵᠢᠯᠳᠠᠳ ᠤᠨ ᠪᠦᠬᠡᠮ ᠬᠦᠴᠢᠯ ᠤᠨ ᠦᠯᠢᠭᠡᠷ ᠠᠪᠬᠤ ᠶᠢ ᠬᠠᠷᠢᠭᠤᠴᠠᠭᠤᠯᠵᠤ ᠪᠠᠶᠢᠨ᠎ᠠ᠃ ᠲᠠᠯᠠᠶᠢᠭᠦ᠋ᠪ ᠪᠠᠯᠭᠠᠰᠤᠨ ᠠᠴᠠ ᠪᠤᠰᠤᠳ 8 ᠰᠤᠮᠤ ᠪᠠᠯᠭᠠᠰᠤᠨ ᠳᠤ 8 ᠦᠯᠢᠭᠡᠷ ᠠᠪᠬᠤ ᠠᠩᠬᠢ ᠶᠢ ᠵᠤᠬᠢᠶᠠᠨ ᠪᠠᠶᠢᠭᠤᠯᠵᠤ᠂ ᠰᠤᠮᠤ ᠪᠠᠯᠭᠠᠰᠤᠨ ᠤ ᠺᠠᠳ᠋ᠷ ᠠᠵᠢᠯᠳᠠᠨ᠂ ᠮᠠᠯᠴᠢᠨ ᠲᠠᠷᠢᠶᠠᠴᠢᠨ᠂ ᠠᠵᠤ ᠠᠬᠤᠢᠢᠯᠠᠯ᠂ ᠦᠢᠯᠡᠳᠪᠦᠷᠢ ᠠᠭᠤᠷᠬᠠᠢ᠂ ᠦᠵᠡᠮᠵᠢ ᠶᠢᠨ ᠤᠷᠤᠨ ᠤ ᠠᠵᠢᠯᠳᠠᠨ᠂ ᠪᠠᠷᠢᠯᠭ᠎ᠠ ᠶᠢᠨ ᠠᠵᠢᠯᠳᠠᠨ ᠨᠠᠷ ᠤᠨ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠦᠯᠢᠭᠡᠷ ᠠᠪᠬᠤ ᠶᠢ ᠬᠠᠷᠢᠭᠤᠴᠠᠨ ᠡᠭᠦᠷᠭᠡᠯᠡᠭᠦᠯᠵᠤ ᠪᠠᠶᠢᠨ᠎ᠠ᠃ ᠤᠳᠤᠬᠠᠨ ᠤ ᠡᠵᠡᠨ᠎ᠡ ᠬᠤᠰᠢᠭᠤᠨ ᠤ ᠬᠢᠵᠢᠭ ᠤᠨ ᠰᠡᠷᠭᠡᠶᠢᠯᠡᠨ ᠬᠠᠮᠢᠶᠠᠷᠤᠯᠳᠠ ᠶᠢᠨ ᠠᠵᠢᠯ ᠤᠨ ᠡᠭᠦᠷᠭᠡ ᠲᠦᠢᠯ ᠤᠨ ᠬᠦᠨᠳᠦ ᠪᠠᠶᠢᠳᠠᠯ ᠳᠤ ᠴᠢᠭᠯᠡᠭᠦᠯᠦᠨ ᠵᠠᠰᠠᠬ ᠤᠨ ᠤᠷᠳᠤᠨ᠂ ᠠᠯᠪᠠᠨ ᠪᠠᠶᠢᠭᠤᠯᠭ᠎ᠠ᠂ ᠰᠤᠮᠤ ᠪᠠᠯᠭᠠᠰᠤ᠂ ᠨᠡᠶᠢᠬᠡᠮ ᠲᠤᠭᠤᠷᠢᠬ᠂ ᠭᠠᠴᠠᠭ᠎ᠠ ᠲᠤᠰᠬᠤᠨ ᠤ ᠬᠠᠮᠳᠤᠷᠠᠯᠴᠠᠬᠰᠠᠨ ᠰᠡᠷᠭᠡᠶᠢᠯᠡᠯᠳᠡ ᠶᠢᠨ ᠬᠤᠷᠢᠭ᠎ᠠ ᠱᠤᠭᠤᠮ ᠢ ᠪᠠᠶᠢᠭᠤᠯᠵᠤ᠂ ᠶᠡᠷᠦᠩᠬᠡᠶᠢᠯᠡᠨ ᠵᠤᠬᠢᠴᠠᠭᠤᠯᠬᠤ᠂ ᠡᠷᠡᠭᠦᠯ ᠮᠡᠨᠳᠦ ᠶᠢᠨ ᠰᠢᠯᠭᠠᠨ ᠬᠡᠮᠵᠢᠯᠳᠡ᠂ ᠡᠮᠴᠢᠯᠡᠭᠡᠨ ᠤ ᠪᠠᠳᠤᠯᠠᠭ᠎ᠠ᠂ ᠠᠷᠢᠭᠤᠳᠬᠠᠯ ᠬᠢᠬᠦ᠂ ᠲᠤᠰᠠᠭᠠᠷᠯᠠᠨ ᠰᠢᠯᠵᠢᠭᠦᠯᠬᠦ᠂ ᠠᠷᠤ ᠦᠢᠯᠡᠴᠢᠯᠡᠭᠡᠨ ᠤ ᠪᠠᠳᠤᠯᠠᠭ᠎ᠠ ᠵᠡᠷᠭᠡ 7 ᠠᠵᠢᠯ ᠤᠨ ᠲᠤᠭᠤᠢᠢᠯᠠᠩ ᠪᠠᠶᠢᠭᠤᠯᠤᠨ ᠠᠵᠢᠯᠯᠠᠵᠤ᠂ ᠤᠳᠤ ᠪᠤᠯᠳᠠᠯ᠎ᠠ ᠠᠶᠢᠮᠠᠬ ᠤᠨ ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠨᠢᠭᠡᠴᠡ ᠠᠴᠠ 299 ᠺᠠᠳ᠋ᠷ ᠠᠵᠢᠯᠳᠠᠨ ᠢ ᠵᠤᠬᠢᠶᠠᠨ ᠪᠠᠶᠢᠭᠤᠯᠵᠤ᠂ ᠡᠵᠡᠨ᠎ᠡ ᠬᠤᠰᠢᠭᠤᠨ ᠤ ᠬᠢᠵᠢᠭ ᠤᠨ ᠰᠡᠷᠭᠡᠶᠢᠯᠡᠨ ᠬᠠᠮᠢᠶᠠᠷᠤᠯᠳᠠ ᠶᠢᠨ ᠠᠵᠢᠯ ᠢ ᠬᠠᠪᠰᠤᠷᠤᠨ ᠲᠤᠰᠠᠯᠠᠵᠤ ᠪᠠᠶᠢᠨ᠎ᠠ᠃ ᠨᠢᠭᠡᠳᠦᠭᠡᠷ ᠪᠦᠯᠦᠭ ᠤᠨ 16 ᠺᠠᠳ᠋ᠷ ᠠᠵᠢᠯᠳᠠᠨ 10 ᠰᠠᠷ᠎ᠠ ᠶᠢᠨ ᠤ 23᠎ ᠤ ᠡᠳᠣᠷ ᠡᠵᠡᠨ᠎ᠡ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠳᠣᠰᠠᠯᠠᠬᠤ ᠪᠠᠷ ᠶᠠᠪᠣᠵᠡᠢ᠃ ᠮᠡᠳᠡᠭᠳᠡᠯ ᠳᠤ ᠵᠠᠯᠠᠭᠤ ᠨᠠᠮ ᠤᠨ ᠭᠡᠰᠢᠭᠦᠨ ᠪᠠ ᠺᠠᠳ᠋ᠷ ᠢ ᠤᠷᠢᠳ ᠢᠶᠠᠷ ᠪᠣᠳᠣᠯᠬᠢᠯᠠᠬᠤ᠂ ᠭᠤᠷᠪᠠᠨ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠴᠥᠮ ᠪᠢᠯᠢᠭ ᠴᠢᠨᠠᠷᠲᠠᠶ ᠪᠠᠶᠢᠬᠤ᠂ ᠳᠤᠮᠳᠠ ᠥᠨᠳᠥᠷ ᠲᠠᠰ ᠤᠨ ᠠᠶᠤᠯ ᠲᠦᠭᠰᠢᠭᠦᠷᠢ ᠲᠠᠢ ᠭᠠᠵᠠᠷ ᠣᠷᠣᠨ ᠢᠶᠠᠷ ᠶᠠᠪᠣᠭᠰᠠᠨ ᠦᠭᠡᠢ ᠬᠦᠮᠣᠰ ᠪᠠᠶᠢᠬᠤ ᠭᠡᠷᠡᠭᠳᠡᠢ ᠭᠡᠵᠣ ᠱᠠᠭᠠᠷᠳᠠᠭᠰᠠᠨ ᠪᠠᠶᠢᠵᠡᠢ᠃ ᠰᠢᠶᠦ᠋ᠡᠭ ᠶᠢᠩ᠂ ᠮᠠᠶᠢᠯᠠᠰᠣ ᠪᠣᠯ ᠨᠢᠭᠡ ᠭᠡᠷ ᠪᠦᠯᠢ ᠶᠢᠨ ᠬᠢ᠂ ᠬᠤᠶᠠᠭᠤᠯᠠ ᠪᠠᠨ ᠶᠡᠷᠡᠭᠡᠳ ᠣᠨ ᠳᠤ ᠳᠦᠷᠦᠭᠰᠡᠨ ᠵᠠᠯᠠᠭᠤ ᠨᠠᠮ ᠤᠨ ᠭᠡᠰᠢᠬᠦᠨ ᠪᠠᠶᠢᠵᠣ᠂ ᠳᠣᠰ ᠳᠣᠰ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠣᠯᠣᠰ ᠳᠦᠷᠣ ᠬᠠᠣᠯᠢ ᠴᠠᠭᠠᠵᠠ ᠶᠢᠨ ᠬᠤᠷᠢᠶ᠎ᠠ ᠪᠠ ᠠᠯᠠᠱᠠ ᠠᠶᠢᠮᠠᠭ ᠤᠨ ᠬᠠᠣᠯᠢ ᠴᠠᠭᠠᠵᠠ ᠶᠢᠨ ᠳᠣᠪᠴᠢᠶᠠᠨ ᠳᠤ ᠠᠵᠢᠯ ᠲᠠᠢ᠃ ᠳᠡᠳᠡ ᠬᠤᠶᠠᠭᠤᠯᠠ ᠮᠡᠳᠡᠭᠳᠡᠯ ᠢ ᠳᠣᠰᠴᠣ ᠠᠪᠣᠮᠠᠭᠴᠠ ᠳᠠᠳᠠᠭᠠᠯᠵᠠᠯ ᠦᠭᠡᠢ ᠪᠠᠷ ᠨᠡᠷ᠎ᠡ ᠪᠠᠨ ᠮᠡᠳᠡᠬᠦᠯᠦᠭᠰᠡᠨ ᠤ ᠳᠠᠷᠠᠭ᠎ᠠ ᠪᠠᠷ ᠰᠠᠶ᠋ᠢ ᠨᠢᠭᠡ ᠨᠢᠭᠡᠨ ᠳᠡᠭᠡᠨ ᠮᠡᠳᠡᠭᠳᠡᠭᠰᠡᠨ ᠪᠠᠶᠢᠵᠡᠢ᠃ ᠳᠡᠳᠡ ᠬᠤᠶᠠᠭᠤᠯᠠ ᠪᠠᠨ ᠡᠨᠡ ᠣᠳᠠᠭ᠎ᠠ ᠳᠤ ᠬᠠᠮᠳᠣ ᠪᠠᠷ ᠡᠵᠡᠨ᠎ᠠ ᠶᠢ ᠳᠤᠰᠠᠯᠠᠬᠤ ᠪᠠᠷ ᠶᠠᠪᠣᠬᠤ ᠪᠣᠯᠣᠭᠰᠠᠨ ᠳᠠᠭᠠᠨ ᠤᠮᠤᠭᠰᠢᠵᠦ ᠪᠠᠶᠢᠯ᠎ᠠ᠃ ᠰᠢᠶᠦ᠋ᠡᠭ ᠶᠢᠩ ᠰᠣᠷᠪᠣᠯᠵᠢᠯᠠᠭᠴᠢ ᠳᠤ᠄ ︽ᠵᠠᠯᠠᠭᠤ ᠨᠠᠮ ᠤᠨ ᠭᠡᠰᠢᠬᠦᠨ ᠭᠡᠬᠦ ᠱᠠᠭᠠᠷᠳᠠᠯᠭ᠎ᠠ ᠶᠢ ᠦᠵᠡᠮᠡᠭᠴᠠ ᠪᠢ ᠰᠢᠭᠤᠳ ᠨᠡᠷ᠎ᠠ ᠎ ᠪᠠᠨ ᠮᠡᠳᠡᠬᠦᠯᠦᠭᠰᠡᠨ ᠶᠤᠮ᠂ ᠨᠣᠳᠤᠭ ᠣᠷᠣᠨ ᠮᠢᠨᠢ ᠢᠩᠭᠢᠵᠣ ᠭᠠᠴᠢᠭᠳᠠᠯ ᠳᠤ ᠣᠴᠠᠷᠠᠵᠣ ᠪᠠᠶᠢᠬᠤ ᠳᠤ ᠪᠢᠳᠠ ᠵᠠᠪᠠᠯ ᠳᠣᠰᠠᠯᠠᠬᠤ ᠭᠡᠷᠡᠭᠳᠡᠢ᠂ ᠬᠢᠵᠢᠭ ᠢ ᠡᠰᠡᠷᠬᠦᠴᠡᠬᠦ ᠳᠤ ᠶᠠᠮᠠᠷ ᠴᠦ ᠡᠷᠡᠭᠡᠯᠵᠡᠯ ᠦᠭᠡᠢ ᠪᠠᠶᠢᠨ᠎ᠠ︾ ᠭᠡᠵᠣ ᠶᠠᠷᠢᠭᠰᠠᠨ ᠪᠠᠶᠢᠯ᠎ᠠ᠃ ᠤᠳᠤᠬᠠᠨ ᠳᠤ ᠡᠵᠡᠨ᠎ᠡ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠢ ᠲᠤᠰᠠᠯᠠᠬᠤ ᠡᠩᠨᠡᠭᠡ ᠲᠦᠷᠪᠡᠨ ᠵᠦᠭ ᠨᠠᠢᠮᠠᠨ ᠵᠣᠷᠪᠣᠰ ᠠᠴᠠ ᠳᠠᠰᠣᠷᠠᠯᠳᠠ ᠦᠭᠡᠢ ᠬᠦᠷᠴᠦ ᠢᠷᠡᠵᠤ ᠪᠠᠶᠢᠨ᠎ᠠ᠃ ᠣᠯᠠᠨ ᠢᠶᠠᠷ ᠢᠶᠠᠨ ᠢᠳᠡᠭᠡᠯ ᠵᠣᠷᠢᠭ ᠢᠶᠠᠨ ᠪᠠᠳᠣᠳᠬᠠᠵᠣ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠣᠭᠤᠯᠣᠨ᠂ ᠳᠣᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠣ᠂ ᠰᠠᠬᠢᠯᠭ᠎ᠠ ᠪᠠᠳᠣ ᠶᠢ ᠵᠢᠷᠣᠮᠯᠠᠨ᠂ ᠬᠠᠮᠤᠭ ᠰᠠᠶᠢᠨ ᠠᠷᠭ᠎ᠠ ᠪᠠᠷᠢᠯ ᠢᠶᠠᠷ ᠡᠵᠡᠨ᠎ᠡ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠢᠯᠠᠯᠳᠠ ᠣᠯᠬᠤ ᠳᠤ ᠢᠳᠡᠭᠡᠯ ᠲᠠᠢ ᠪᠠᠶᠢᠨ᠎ᠠ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ᠂ ᠣᠨᠣᠪᠴᠢᠲᠠᠶ ᠢᠷᠡᠯᠲᠡ ᠥᠬᠡᠶ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ ᠥᠬᠡᠶ ᠪᠠᠶᠢᠵᠤ᠂ ᠤᠬᠠᠮᠰᠠᠷ ᠠᠴᠠ ᠪᠠᠨ ᠥᠪᠡᠷ ᠢ ᠪᠠᠨ ᠰᠠᠶᠢᠲᠤᠷ ᠬᠠᠮᠠᠭᠠᠯᠠᠵᠤ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠪᠣᠯᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠠᠵᠢᠯ ᠢ ᠢᠳᠡᠪᠬᠢᠲᠡᠶ ᠳᠡᠮᠵᠢᠨ ᠬᠠᠮᠵᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠰᠤᠭᠠᠶ᠃ ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 2021 ᠣᠨ ᠤ 10 ᠳ᠋ᠤᠭᠠᠷ ᠰᠠᠷ᠎ᠠ ᠶᠢᠨ 22᠎ ᠤᠨ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号