ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠥᠪᠥᠷ ᠮᠣᠩᠭᠤᠯ ᠤᠨ ᠡᠵᠡᠨ᠎ᠡ ᠬᠤᠰᠢᠭᠤᠨ ᠤ ᠬᠢᠵᠢᠭ ᠳᠠᠷᠬᠠᠨ ᠳᠡᠯᠭᠡᠷᠡᠬᠦ ᠲᠦᠭᠰᠢᠭᠦᠷᠢ ᠶᠢ ᠨᠢᠭᠡᠨᠲᠡ ᠪᠦᠲᠦᠮᠵᠢᠲᠡᠶ  ᠡᠵᠡᠮᠳᠡᠪᠡ
ᠨᠡᠶᠢᠲᠡᠯᠡᠭᠰᠡᠨ ᠴᠠᠭ᠄
2021/10/30
  10 ᠰᠠᠷ᠎ᠠ ᠶᠢᠨ 30᠎ ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠳᠡᠳ᠋ ᠳᠠᠷᠤᠭ᠎ᠠ ᠦ᠋ ᠯᠢᠶᠠᠩ ᠶᠢᠦ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ ᠶᠡᠷᠦᠩᠬᠡᠶ ᠳᠤᠨᠢ ᠠᠪᠴᠤ ᠦᠵᠡᠪᠡᠯ᠂ ᠲᠣᠰ ᠡᠭᠡᠯᠵᠢ ᠶᠢᠨ ᠬᠢᠵᠢᠭ ᠤᠨ ᠪᠠᠶᠢᠳᠠᠯ ᠴᠢᠭ ᠣᠯᠠᠨ᠂ ᠬᠡᠪᠴᠢᠶ᠎ᠡ ᠥᠷᠭᠡᠨ᠂ ᠱᠤᠭᠤᠮ ᠣᠷᠳᠣ᠃ ᠣᠳᠣᠬᠠᠨ ᠤ ᠬᠢᠵᠢᠭ ᠤᠨ ᠬᠥᠭᠵᠢᠯᠲᠡ ᠶᠢᠨ ᠪᠠᠶᠢᠳᠠᠯ ᠠᠴᠠ ᠦᠵᠡᠪᠡᠯ᠂ ᠥᠪᠥᠷ ᠮᠣᠩᠭᠤᠯ ᠤᠨ ᠡᠵᠡᠨ᠎ᠡ ᠬᠤᠰᠢᠭᠤ 10 ᠰᠠᠷ᠎ᠠ ᠶᠢᠨ 25᠎ ᠤ ᠡᠳᠦᠷ ᠠᠴᠠ ᠨᠠᠭᠠᠰᠢ ᠵᠠᠯᠭᠠᠭ᠎ᠠ ᠪᠠᠷ 4 ᠡᠳᠦᠷ ᠭᠠᠳᠠᠷ ᠣᠷᠣᠨ ᠠᠴᠠ ᠪᠢᠯᠬᠠᠨ ᠭᠠᠷᠤᠭᠰᠠᠨ ᠡᠪᠡᠳᠴᠢᠨ ᠤ ᠵᠢᠱᠢᠶ᠎ᠡ ᠳᠠᠬᠢᠨ ᠢᠯᠡᠷᠡᠭᠰᠡᠨ ᠥᠬᠡᠶ᠂ ᠬᠢᠵᠢᠭ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠨᠢᠭᠡᠨᠲᠡ ᠪᠦᠲᠦᠮᠵᠢᠲᠡᠶ ᠬᠠᠮᠢᠶᠠᠷᠤᠨ ᠡᠵᠡᠮᠳᠡᠪᠡ᠃ ᠲᠤᠬᠠᠶ ᠶᠢᠨ ᠭᠠᠵᠠᠷ ᠤᠨ ᠬᠢᠨ ᠣᠶᠢᠷ᠎ᠠ ᠳᠤ ᠰᠢᠨ᠎ᠡ ᠪᠠᠷ ᠨᠡᠮᠡᠭᠳᠡᠭᠰᠡᠨ ᠡᠪᠡᠳᠴᠢᠨ ᠤ ᠵᠢᠱᠢᠶ᠎ᠡ ᠶᠢ ᠭᠤᠤᠯᠳᠠᠭᠤ ᠲᠥᠪᠯᠡᠷᠡᠭᠦᠯᠦᠨ ᠲᠤᠰᠠᠭᠠᠷᠯᠠᠬᠤ ᠴᠡᠭ ᠠᠴᠠ ᠢᠯᠡᠷᠡᠭᠦᠯᠪᠡ᠂ ᠡᠮᠦᠨᠡᠬᠢ ᠬᠤᠭᠤᠴᠠᠭᠠᠨ ᠤ ᠡᠯ᠎ᠡ  ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠡᠬᠢᠯᠡᠨ ᠢᠯᠡᠷᠡᠵᠦ᠂ ᠬᠢᠵᠢᠭ ᠎ ᠤᠨ ᠨᠡᠶᠢᠭᠡᠮ ᠲᠣᠭᠤᠷᠢᠭ ᠲᠤ ᠬᠠᠯᠳᠠᠪᠤᠷᠢᠯᠠᠬᠤ ᠶᠢ ᠦᠨᠳᠦᠰᠦᠨ ᠳᠡᠭᠡᠨ ᠬᠤᠷᠢᠭᠯᠠᠵᠤ᠂ ᠲᠠᠷᠠᠭᠠᠴᠢ ᠶᠢᠨ ᠠᠯᠬᠤᠮ ᠳᠤ ᠠᠶᠤᠯ ᠲᠦᠭᠰᠢᠭᠦᠷᠢ ᠲᠠᠢ ᠣᠷᠣᠨ ᠪᠦᠰᠡ ᠶᠢ ᠬᠠᠮᠢᠶᠠᠷᠤᠨ ᠡᠵᠡᠮᠳᠡᠬᠦ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠳᠠᠷᠤᠶ ᠲᠦᠷᠭᠡᠨ ᠲᠦᠢᠯᠪᠤᠷᠢᠲᠠᠶ ᠡᠵᠡᠮᠳᠡᠨ᠎ᠡ ᠬᠡᠵᠡᠢ᠃                    ᠁
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号