ᠬᠢᠵᠢᠭ ᠤᠨ ᠡᠮᠦᠨ᠎ᠠ ᠹᠠᠷᠤᠨᠲ ᠲᠠᠬᠢ ︽ᠴᠠᠭᠠᠠ ᠬᠤᠪᠴᠠᠰᠤᠳᠠᠳ︾
ᠨᠡᠶᠢᠲᠡᠯᠡᠭᠰᠡᠨ ᠴᠠᠭ᠄
2021/10/30
ᠡᠷᠳᠡᠨᠢᠴᠢᠮᠡᠭ  ᠴᠢᠦᠶ ᠾᠦᠢ ᠯᠢᠩ            ︽10 ᠰᠠᠷ᠎ᠠ ᠶᠢᠨ 18᠎ ᠤ ᠡᠳᠦᠷ ᠤᠨ ᠰᠦᠨᠢ ᠬᠠᠭᠠᠰ ᠲᠤ᠂ ᠪᠢᠳᠠ ᠡᠵᠡᠨ᠎ᠡ ᠬᠤᠰᠢᠭᠤᠨ ᠳᠤ ᠢᠷᠡᠭᠡᠳ᠂ ᠵᠢᠷᠭᠠᠯᠠᠩᠲᠤ ᠨᠡᠶᠢᠭᠡᠮ ᠲᠣᠭᠤᠷᠢᠭ ᠲᠤ ᠬᠤᠪᠢᠶᠠᠭᠳᠠᠨ ᠠᠵᠢᠯᠯᠠᠵᠤ ᠡᠬᠢᠯᠡᠭᠰᠡᠠ᠂ ᠵᠤᠤ ᠵᠢᠭᠠᠨ ᠵᠢᠯᠤᠭᠤᠳᠤᠬᠴᠢ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ 7 ᠰᠠᠭᠤᠭᠠᠯᠢ ᠠᠷᠠᠳ ᠤᠨ ᠬᠤᠷᠢᠶᠠᠯᠠᠯ ᠢ ᠬᠤᠪᠢᠶᠠᠨ ᠬᠠᠮᠢᠶᠠᠷᠴᠤ᠂ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠠ᠂ ᠰᠠᠨᠠᠭᠠᠴᠢᠯᠠᠭ᠎ᠠ ᠠᠴᠠ ᠪᠠᠨ ᠰᠥᠨᠢ ᠶᠢᠨ ᠡᠭᠡᠯᠵᠢᠨ ᠳᠤ ᠭᠠᠷᠬᠤ ᠪᠠᠷ ᠭᠤᠶᠤᠴᠢᠯᠠᠵᠤ᠂  ᠡᠮᠡᠭᠳᠡᠶᠢᠴᠤᠳ ᠲᠤ ᠠᠮᠠᠷᠠᠬᠤ ᠲᠣᠬᠢᠶᠠᠯ ᠣᠯᠭᠤᠳᠠᠭ᠂ ᠪᠢ ᠶᠡᠬᠡᠳᠡ ᠲᠤᠬᠳᠤᠯᠤᠬᠰᠠᠨ︾ ᠭᠡᠵᠦ ᠡᠮᠡᠭᠲᠡᠶ ᠴᠠᠭᠳᠠᠭ᠎ᠠ ᠭᠧ ᠵᠢᠶᠦ᠋ᠨ ᠶᠠᠷᠢᠨ᠎ᠠ᠃       ᠵᠣᠣ ᠶᠦᠩ ᠪᠣᠯ ᠠᠯᠠᠱᠠ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠵᠢᠭᠠᠨ ᠵᠢᠯᠣᠭᠤᠳᠣᠭᠴᠢ ᠪᠣᠯᠤᠨ᠎ᠠ᠃ ᠨᠠᠮ ᠳᠤ ᠤᠷᠤᠭᠠᠳ ᠨᠢᠭᠡᠨᠳᠡ 29 ᠵᠢᠯ ᠪᠤᠯᠵᠤ ᠪᠠᠶᠢᠭ᠎ᠠ ᠲᠡᠷᠡ ᠬᠢᠵᠢᠭ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠨ᠂ ᠬᠢᠨᠠᠨ ᠪᠠᠶᠢᠴᠠᠭᠠᠬᠤ᠂ ᠰᠡᠷᠭᠡᠶᠢᠯᠡᠨ ᠡᠵᠡᠮᠳᠡᠬᠦ᠂ ᠡᠳ᠋ ᠪᠣᠳᠠᠰ ᠢ ᠳᠠᠮᠵᠢᠭᠤᠯᠤᠨ ᠬᠦᠷᠭᠡᠬᠦ ᠵᠡᠷᠭᠡ ᠠᠯᠢᠪᠠ ᠠᠵᠢᠯ ᠢ  ᠴᠦᠮ ᠳᠠᠷᠢᠬᠦᠯᠠᠠ ᠬᠢᠵᠤ ᠪᠠᠶᠢᠳᠠᠭ᠃ ᠳᠤᠭᠤᠶᠢᠯᠠᠩ ᠤᠨ ᠬᠡᠨ ᠨᠢ ᠬᠦᠴᠢᠷᠳᠡᠯ ᠲᠠᠢ ᠪᠣᠯ ᠲᠡᠭᠦᠨ ᠢ ᠡᠷᠢᠵᠦ᠂ ᠲᠡᠷᠡ ᠲᠠᠰᠤᠷᠠᠯᠲᠠ ᠦᠭᠡᠢ ᠲᠠᠶᠢᠯᠪᠤᠷᠢᠯᠠᠨ ᠶᠠᠷᠢᠵᠤ᠂ ᠲᠠᠰᠤᠷᠠᠯᠲᠠ ᠦᠭᠡᠢ ᠵᠠᠬᠢᠵᠤ  ᠰᠠᠨᠠᠭᠤᠯᠵᠤ ᠯᠠ ᠪᠠᠶᠢᠳᠠᠭ ᠨᠢ ᠡᠨᠡᠬᠦ ᠡᠩᠨᠡᠭᠡ ᠶᠢᠨ ᠢᠶᠠᠨ ᠬᠤᠰᠢᠭᠤᠴᠢ᠂ ᠳᠠᠭᠠᠭᠤᠯᠤᠭᠴᠢ ᠭᠡᠳᠡᠭ ᠎ ᠢᠶᠠᠨ ᠪᠤᠳᠠᠳᠤ ᠠᠵᠢᠯᠯᠠᠭ᠎ᠠ ᠪᠠᠷ ᠢᠶᠠᠨ ᠢᠯᠡᠷᠡᠬᠦᠯᠦᠠ ᠪᠠᠶᠢᠯ᠎ᠠ᠃       ︽ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠰᠠᠶᠢᠲᠤᠷ ᠬᠠᠮᠠᠭᠠᠯᠠᠬᠤ ᠪᠣᠯ ᠨᠠᠮ ᠤᠨ ᠭᠡᠰᠢᠭᠦᠨ ᠪᠣᠯᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠨᠢᠭᠡᠪᠦᠷᠢ ᠶᠢᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠮᠥᠨ᠂ ᠡᠨᠡᠬᠦ ᠳᠠᠷᠢ ᠶᠢᠨ ᠤᠲᠤᠭ᠎ᠠ ᠦᠬᠡᠢ ᠳᠠᠶᠢᠨ ᠤ ᠲᠠᠯᠠᠪᠤᠷ ᠲᠤ ᠪᠢᠳᠡ ᠬᠠᠮᠤᠭ ᠤᠨ ᠬᠦᠴᠢᠷᠲᠡᠢ᠂ ᠬᠠᠮᠤᠭ ᠤᠨ ᠠᠶᠤᠯᠲᠠᠢ ᠠᠵᠢᠯ ᠤᠨ ᠪᠠᠶᠢᠷᠢ ᠳᠡᠭᠡᠷ᠎ᠡ ᠲᠡᠮᠡᠴᠡᠬᠦ ᠬᠡᠷᠡᠭᠲᠡᠢ︾ ᠭᠡᠵᠦ ᠵᠤᠤ ᠶᠦᠩ ᠶᠠᠷᠢᠨ᠎ᠠ᠃       ︽ᠡᠪᠡᠳᠴᠢᠨ ᠤ ᠸᠢᠷᠦ᠋ᠰ ᠠᠴᠠ ᠠᠶᠤᠬᠤ ᠦᠭᠡᠢ ᠭᠡᠵᠦ ᠬᠡᠯᠡᠬᠦ ᠨᠢ ᠬᠤᠳᠠᠯ ᠶᠤᠮ᠂ ᠪᠢ ᠬᠢᠵᠢᠭ ᠢ ᠰᠡᠷᠭᠡᠶᠢᠯᠡᠨ ᠬᠤᠷᠢᠬᠯᠠᠬᠤ ᠨᠢᠭᠡᠳᠦᠭᠡᠷ ᠹᠷᠣᠨᠲ ᠲᠤ ᠬᠦᠷᠴᠦ ᠢᠷᠡᠭᠰᠡᠳ ᠤᠨ ᠠᠩᠬᠠᠠ ᠤ ᠪᠦᠯᠦᠭ ᠤᠨ ᠨᠢᠭᠡ᠂  ᠨᠠᠩ ᠴᠤ ᠳᠤᠳᠤᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠣᠯᠬᠤᠷ  ᠬᠦᠴᠢᠷ ᠠᠴᠠ ᠠᠶᠤᠵᠤ ᠪᠤᠯᠬᠤ ᠦᠬᠡᠢ︾ ᠭᠡᠵᠤ ᠲᠢᠶᠠᠨ ᠴᠢ ᠴᠤᠤ ᠶᠠᠷᠢᠨ᠎ᠠ᠃ 10 ᠰᠠᠷ᠎ᠠ ᠶᠢᠨ 21᠎ ᠤ ᠡᠳᠦᠷ ᠤᠨ 17 ᠴᠠᠭ ᠲᠤ᠂ ᠲᠢᠶᠠᠨ ᠴᠢ ᠴᠤᠤ ᠬᠠᠮᠲᠤ ᠠᠵᠢᠯᠯᠠᠭᠴᠢ ᠴᠢᠦ ᠶᠦᠩ ᠪᠥᠸᠧ ᠲᠠᠢ ᠪᠠᠨ ᠬᠠᠮᠲᠤ ᠲᠣᠭᠲᠠᠭᠰᠠᠨ ᠭᠠᠵᠠᠷ ᠲᠤ ᠬᠦᠷᠴᠦ ᠡᠪᠡᠳᠴᠢᠳᠠᠨ ᠤ ᠵᠢᠱᠢᠶ᠎ᠠ ᠲᠠᠢ ᠨᠢᠬᠳᠠ ᠤᠢᠢᠷᠠᠳᠤᠬᠰᠠᠳ ᠢ ᠳᠠᠮᠵᠢᠭᠤᠯᠤᠨ ᠵᠥᠭᠡᠭᠡᠪᠦᠷᠢᠯᠡᠵᠦ᠂ ᠡᠷᠬᠢᠨ ᠲᠣᠭᠤᠷᠢᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠡᠷᠭᠡᠶᠢᠯᠡᠨ ᠡᠵᠡᠮᠳᠡᠬᠦ ᠶᠢᠨ ᠬᠠᠮᠲᠤ᠂ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠤᠨ ᠠᠵᠢᠯᠲᠠᠨ ᠲᠠᠢ ᠬᠠᠮᠵᠢᠯᠴᠠᠨ ᠬᠡᠷ ᠪᠠᠶᠢᠰᠢᠩ ᠢ ᠠᠷᠢᠭᠤᠳᠬᠠᠪᠠ᠃      ︽ᠬᠠᠮᠠᠭᠠᠯᠠᠯᠲᠠ ᠶᠢᠨ ᠬᠤᠪᠴᠠᠰᠤ ᠡᠮᠦᠰᠪᠡᠯ ᠶᠠᠭᠤᠮ᠎ᠠ ᠢᠳᠡᠵᠦ ᠤᠤᠭᠤᠵᠤ ᠪᠣᠯᠬᠤ ᠦᠭᠡᠶ᠂ ᠠᠷᠢᠭᠤᠨ ᠴᠡᠪᠡᠷ ᠤᠨ ᠲᠠᠰᠤᠯᠭ᠎ᠠ ᠳᠤ ᠣᠴᠢᠵᠤ ᠪᠣᠯᠬᠤ ᠦᠭᠡᠶ᠂ ᠪᠢᠳᠡ ᠠᠵᠢᠯᠯᠠᠵᠤ ᠪᠠᠶᠢᠬᠤ ᠬᠤᠭᠤᠴᠠᠭᠠᠨ ᠳᠠᠭᠠᠨ ᠪᠦᠷ ᠲᠡᠰᠴᠤ ᠪᠠᠶᠢᠬᠤ ᠬᠡᠷᠡᠭᠲᠡᠶ᠂ ᠪᠠᠶᠢᠷᠢ ᠳᠠᠭᠠᠨ ᠬᠠᠷᠢᠭᠰᠠᠨ ᠤ ᠳᠠᠷᠠᠭ᠎ᠠ ᠠᠷᠢᠭᠤᠨ ᠴᠡᠪᠡᠷ ᠤᠨ ᠲᠠᠰᠤᠯᠭ᠎ᠠ ᠳᠤ ᠪᠤᠯᠢᠶᠠᠯᠳᠤᠨ ᠤᠷᠤᠳᠠᠭ︾ ᠭᠡᠵᠤ ᠲᠢᠶᠠᠨ ᠴᠢ ᠴᠤᠤ ᠶᠠᠷᠢᠨ᠎ᠠ᠃ ᠲᠡᠳᠡᠨᠡᠷ ᠤᠨ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠡᠳᠦᠷ ᠪᠦᠷᠢ ᠬᠤᠪᠢᠷᠠᠯᠲᠠ ᠲᠠᠢ᠂ ᠴᠠᠭ ᠢᠮᠠᠭᠲᠠ ᠵᠠᠷᠯᠢᠭ ᠢ ᠳᠠᠭᠠᠵᠤ᠂ ᠠᠳᠠᠯᠢ ᠪᠤᠰᠤ ᠡᠭᠦᠷᠭᠡ ᠶᠢ ᠭᠦᠢᠴᠡᠳᠬᠡᠳᠡᠭ ᠪᠣᠯᠬᠤᠷ ᠠᠵᠢᠯ ᠤᠨ ᠡᠷᠴᠢᠮ ᠨᠢ ᠮᠠᠰᠢ ᠴᠢᠩᠭ᠎ᠠ᠂ ᠪᠦᠬᠦᠯᠢ ᠡᠳᠦᠷ ᠢᠶᠠᠷ ᠢᠶᠠᠨ ᠰᠠᠨᠠᠭ᠎ᠠ ᠠᠮᠤᠷ ᠠᠮᠠᠷᠠᠬᠤ ᠴᠠᠭ  ᠭᠡᠵᠤ ᠪᠠᠶᠢᠳᠠᠭ  ᠦᠬᠡᠢ᠃        10 ᠰᠠᠷ᠎ᠠ ᠶᠢᠨ 18᠎ ᠤ ᠦᠳᠡ  ᠎ ᠶᠢᠨ 1 ᠴᠠᠭ ᠭᠠᠷᠤᠢ ᠳᠤ᠂ ᠲᠢᠶᠠᠨ ᠴᠢ ᠴᠤᠤ ᠭᠡᠷ ᠤᠨ ᠬᠥᠮᠦᠰ ᠲᠡᠭᠡᠨ ᠬᠡᠯᠡᠭᠰᠡᠨ ᠦᠬᠡᠢ᠂ ᠰᠠᠨᠠᠭᠠᠴᠢᠯᠠᠭ᠎ᠠ ᠠᠴᠠ ᠪᠠᠨ ᠬᠢᠵᠢᠭ ᠢ ᠰᠡᠷᠬᠡᠶᠢᠯᠡᠬᠦ ᠠᠵᠢᠯ ᠳᠤ ᠣᠷᠣᠯᠴᠠᠬᠤ ᠪᠠᠷ ᠭᠤᠶᠤᠴᠢᠯᠠᠵᠤ᠂ ᠡᠵᠡᠨ᠎ᠡ ᠬᠤᠰᠢᠭᠤᠨ ᠵᠦᠭ ᠨᠢᠭᠡᠨᠲᠡ ᠮᠣᠷᠳᠠᠭᠰᠠᠨ ᠤ ᠲᠠᠷᠠᠭ᠎ᠠ ᠰᠠᠶ᠋ᠢ ᠭᠡᠷ ᠤᠨ ᠬᠥᠮᠦᠰ ᠲᠡᠭᠡᠨ ᠤᠲᠠᠰᠤᠳᠠᠪᠡ᠃ ᠡᠬᠡᠨᠡᠷ ᠨᠢ ᠲᠡᠭᠦᠨ ᠤ ᠬᠤᠯᠠ ᠠᠶᠠᠯᠠᠯ ᠳᠤ ᠰᠠᠨᠠᠭ᠎ᠠ ᠵᠣᠪᠠᠭ᠋ᠤ ᠶᠢᠨ ᠬᠠᠮᠳᠤ ᠣᠮᠣᠭᠰᠢᠵᠤ᠂ ᠲᠡᠭᠦᠨ ᠳᠤ᠄ ︽ᠥᠪᠡᠷ ᠢ ᠪᠠᠨ ᠰᠠᠶᠢᠲᠤᠷ ᠬᠠᠮᠠᠭᠠᠯᠠᠬᠤ ᠬᠡᠷᠡᠭᠲᠡᠢ᠂ 8 ᠰᠠᠷ᠎ᠠ ᠲᠠᠢ ᠬᠦᠦ ᠪᠠᠨ ᠪᠢ ᠰᠠᠶᠢᠬᠠᠨ ᠬᠠᠷᠠᠭᠠᠯᠵᠠᠵᠤ ᠲᠠᠶᠢᠯᠤᠨ᠎ᠠ᠂ ᠴᠢ ᠰᠠᠨᠠᠭ᠎ᠠ ᠵᠣᠪᠠᠭ᠋ᠤ ᠬᠡᠷᠡᠭ ᠦᠭᠡᠢ᠂ ᠤᠷᠤᠢ ᠪᠣᠯᠭᠠᠨ ᠬᠡᠳᠦᠢ ᠶᠠᠭᠠᠷᠠᠤ ᠪᠠᠶᠢᠭᠰᠠᠨ ᠴᠤ ᠴᠠᠭ ᠭᠠᠷᠭᠠᠵᠤ ᠪᠢᠳᠡᠨ ᠲᠠᠢ ᠬᠠᠷᠢᠴᠠᠵᠤ᠂ ᠠᠮᠤᠷ ᠲᠦᠪᠰᠢᠨ ᠢᠶᠠᠨ ᠮᠡᠳᠡᠭᠦᠯᠦᠭᠡᠷᠡᠢ᠂ ᠨᠢᠭᠡ ᠮᠢᠨᠦ᠋ᠲ ᠴᠦ ᠪᠣᠯᠤᠨ᠎ᠠ ᠁︾ ᠭᠡᠵᠦ ᠵᠠᠬᠢᠭᠰᠠᠨ ᠪᠢᠯᠡ᠃     ᠬᠢᠵᠢᠭ ᠤᠨ ᠡᠮᠦᠨ᠎ᠠ ᠹᠷᠤᠨᠲ ᠲᠤ᠂ ᠡᠲᠡᠭᠡᠷ ᠴᠠᠭᠳᠠᠭ᠎ᠠ ᠬᠠᠯᠠᠭᠤᠨ ᠳᠤᠯᠠᠭᠠᠨ ᠰᠡᠳᠬᠢᠯ ᠢᠶᠠᠷ ᠢᠶᠠᠨ ᠠᠷᠠᠳ ᠲᠦᠮᠡᠨ ᠤ  ᠠᠮᠤᠷ ᠲᠠᠶᠢᠪᠤᠩ ᠢ ᠰᠠᠬᠢᠨ ᠬᠠᠮᠠᠭᠠᠯᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠬᠤ ᠪᠠᠷ ᠡᠭᠦᠷᠭᠡ ᠬᠠᠷᠢᠭᠤᠴᠠᠯᠭ᠎ᠠ ᠪᠠᠨ  ᠬᠦᠢᠴᠡᠳᠭᠡᠵᠤ ᠶᠠᠪᠤᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号