ᠳᠠᠶᠢᠴᠢᠨ ᠪᠠᠭᠠᠲᠤᠳ ᠤᠨ ᠴᠤᠭᠯᠠᠭᠠᠨ ᠤ ᠭᠠᠵᠠᠷ ᠬᠦᠷᠴᠦ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/10/4
ᠠᠯᠠᠱᠠ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠳᠠᠶᠢᠴᠢᠨ᠂ ᠪᠠᠭᠠᠲᠤᠳ ᠤᠨ ᠴᠤᠭᠯᠠᠭᠠᠨ ᠤ ᠲᠠᠯᠠᠪᠤᠷ ᠲᠤ ᠬᠦᠷᠴᠦ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠢ ᠭᠦᠢᠴᠡᠳᠬᠡᠵᠦ ᠪᠠᠶᠢᠭ᠎ᠠ ᠪᠠᠶᠢᠳᠠᠯ ᠪᠣᠯᠣᠨ ᠠᠶᠦᠯᠭᠦᠢ ᠶᠢᠨ ᠲᠠᠯ᠎ᠠ ᠪᠠᠷ ᠬᠢ ᠠᠵᠢᠯ ᠤᠳ ᠪᠠᠶᠢᠴᠠᠭᠠᠨ ᠰᠤᠳᠤᠯᠪᠠ᠃ ᠳᠠᠶᠢᠴᠢᠨ ᠠᠴᠠ᠂ ᠬᠢᠵᠢᠭ ᠤᠨ ᠬᠠᠯᠳᠠᠪᠤᠷᠢ᠂ ᠠᠶᠦᠯᠭᠦᠢ ᠶᠢᠨ ᠪᠠᠲᠤᠯᠠᠭ᠎ᠠ᠂ ᠣᠷᠴᠢᠨ ᠲᠣᠭᠤᠷᠢᠨ ᠤ ᠠᠷᠢᠭᠤᠨ ᠴᠡᠪᠡᠷ᠂ ᠢᠳᠡᠭᠡᠨ ᠤᠮᠳᠠᠭᠠᠨ ᠪᠠ ᠤᠨᠲᠠᠵᠤ ᠬᠡᠪᠲᠡᠬᠦ᠂ ᠲᠡᠷᠭᠡᠨ ᠤ ᠵᠣᠭᠰᠣᠭᠠᠯ᠂ ᠵᠢᠭᠤᠯᠴᠢᠯᠠᠯ ᠤᠨ ᠵᠣᠷᠯᠣᠩ᠂ ᠵᠠᠮ ᠬᠠᠷᠢᠯᠴᠠᠭ᠎ᠠ᠂ ᠰᠣᠶᠣᠯ ᠤᠷᠠᠯᠢᠭ ᠤᠨ ᠬᠥᠳᠡᠯᠭᠡᠭᠡᠨ ᠤ ᠠᠮᠤᠷ ᠲᠥᠪᠰᠢᠨ ᠢ ᠠᠩᠬᠠᠷᠴᠤ᠂ ᠲᠤᠰ ᠤᠳᠠᠭᠠᠨ ᠤ ᠠᠵᠢᠯᠯᠠᠭ᠎ᠠ ᠤᠷᠤᠭᠰᠢᠲᠠᠢ ᠰᠠᠶᠢᠬᠠᠨ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠯ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号