ᠠᠯᠠᠱᠠ ᠵᠡᠭᠦᠨ ᠬᠤᠰᠢᠭᠤ ᠳᠥᠷᠪᠡᠳᠡᠬᠢ ᠡᠭᠡᠯᠵᠢ ᠶᠢᠨ ᠥᠪᠥᠷ ᠮᠣᠩᠭᠤᠯ ᠭᠠᠨᠰᠦ ᠶᠢᠨ ᠮᠤᠵᠢ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ‌ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/10/9
   9 ᠳ᠋ᠦ᠋ᠭᠡᠷ ᠰᠠᠷ᠎ᠠ ᠶᠢᠨ 27᠎ ᠤ ᠡᠳᠦᠷ᠂ ᠠᠯᠠᠱᠠ ᠵᠡᠭᠦᠨ ᠬᠤᠰᠢᠭᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯᠲᠠᠳ ᠢ ᠵᠣᠬᠢᠶᠠᠨ ᠪᠠᠶᠢᠭᠤᠯᠵᠤ ᠭᠠᠨᠰᠦ ᠮᠤᠵᠢ ᠶᠢᠨ ᠮᠢᠨᠴᠢᠨ ᠰᠢᠶᠠᠨ ᠳᠤ ᠬᠦᠷᠴᠦ ᠠᠯᠠᠱᠠ ᠠᠶᠢᠮᠠᠭ ᠬᠢᠭᠡᠳ ᠡᠤ ᠸᠧᠢ ᠬᠤᠲᠠ ᠶᠢᠨ  ᠦᠪᠦᠷ ᠮᠣᠩᠭᠤᠯ ᠭᠠᠨᠰᠦ ᠶᠢᠨ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠳᠥᠷᠪᠡᠳᠦᠭᠡᠷ ᠡᠭᠡᠯᠵᠢ ᠶᠢᠨ ᠬᠠᠮᠲᠤᠷᠠᠭᠰᠠᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠠᠯᠠᠱᠠ ᠵᠡᠭᠦᠨ ᠬᠤᠰᠢᠭᠤ ᠭᠠᠨᠰᠦ ᠮᠤᠵᠢ ᠶᠢᠨ ᠡᠤ ᠸᠧᠢ ᠬᠤᠲᠠ ᠶᠢᠨ ᠭᠤᠷᠪᠠᠨ ᠰᠢᠶᠠᠨ᠂ ᠲᠣᠭᠤᠷᠢᠭ ᠲᠠᠢ ᠬᠠᠮᠲᠤᠷᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠠᠵᠢᠯ ᠤᠨ ᠲᠥᠰᠦᠯ ᠵᠢᠴᠢ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠬᠤ ᠶᠢᠨ ᠬᠠᠮᠲᠤ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ ᠠᠵᠢᠯ ᠢ ᠥᠷᠨᠢᠭᠦᠯᠪᠡ᠃ ᠬᠤᠶᠠᠷ ᠲᠠᠯ᠎ᠠ ᠪᠠᠷ ᠢᠶᠠᠨ ᠭᠠᠷ ᠤᠨ ᠦᠰᠦᠭ ᠵᠢᠷᠤᠭᠰᠠᠨ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠡᠯᠡᠯᠴᠡᠭᠡᠷ ᠤᠨ ᠪᠢᠴᠢᠭ ᠵᠢᠴᠢ ᠳᠠᠭᠠᠯᠳᠤᠭᠤᠯᠤᠭᠰᠠᠨ ᠵᠢᠷᠤᠭ᠂ ᠬᠢᠯᠢ ᠶᠢᠨ ᠪᠠᠭᠠᠨ᠎ᠠ ᠶᠢᠨ ᠦᠷ᠎ᠡ ᠪᠦᠲᠦᠭᠡᠯ ᠤᠨ ᠬᠦᠰᠦᠨᠦᠭᠲᠦ ᠵᠡᠷᠭᠡ ᠮᠠᠲ᠋ᠧᠷᠢᠶᠠᠯ ᠢᠶᠠᠷ ᠦᠨᠳᠦᠰᠦᠯᠡᠯ ᠪᠣᠯᠭᠠᠵᠤ᠂ ᠲᠤᠬᠠᠢ ᠶᠢᠨ ᠭᠠᠵᠠᠷ ᠲᠤᠨᠢ ᠵᠠᠭᠠᠭ ᠱᠤᠭᠤᠮ ᠤᠨ ᠴᠢᠭᠯᠡᠯ᠂ ᠲᠡᠮᠳᠡᠭ ᠪᠣᠳᠠᠰ᠂ ᠬᠤᠶᠠᠷ ᠲᠠᠯ᠎ᠠ ᠶᠢᠨ ᠭᠠᠵᠠᠷ ᠤᠨ ᠭᠠᠳᠠᠷᠭᠤ ᠶᠢ ᠴᠡᠭ ᠳᠠᠷᠠᠭᠠᠯᠠᠨ ᠬᠡᠰᠡᠭ ᠳᠠᠷᠠᠭᠠᠯᠠᠨ ᠨᠠᠷᠢᠨ ᠨᠢᠭᠲᠠ ᠬᠠᠷᠭᠤᠭᠤᠯᠵᠤ᠂ ᠬᠢᠯᠢ ᠶᠢᠨ ᠪᠠᠭᠠᠨ᠎ᠠ ᠵᠢᠴᠢ ᠴᠢᠭᠯᠡᠯ ᠪᠠᠶᠢᠷᠢ ᠶᠢᠨ ᠪᠣᠳᠠᠰ ᠲᠤ ᠨᠢᠭᠡᠳ ᠨᠢᠭᠡ ᠪᠠᠷ ᠪᠠᠶᠢᠴᠠᠭᠠᠯᠲᠠ ᠬᠢᠬᠦ ᠶᠢᠨ ᠬᠠᠮᠲᠤ ᠲᠤᠬᠠᠢ ᠶᠢᠨ ᠲᠠᠯᠠᠪᠤᠷ ᠲᠤᠨᠢ ᠲᠡᠮᠳᠡᠭᠯᠡᠵᠦ ᠰᠡᠭᠦᠳᠡᠷᠯᠡᠨ ᠳᠠᠩᠰᠠ ᠡᠪᠬᠡᠮᠡᠯ ᠳᠤ  ᠦᠯᠡᠳᠡᠭᠡᠪᠡ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号